ᠥᠪᠡᠷᠲᠡᠭᠡᠨ ᠵᠠᠰᠠᠬᠤ ᠣᠷᠣᠨ ᠤ ᠪᠣᠭᠤᠮᠲᠠ ᠬᠤᠲᠠ ᠶᠢᠨ ᠠᠵᠢᠯ ᠤᠨ ᠲᠤᠰᠬᠠᠢ ᠠᠩᠭᠢ ᠮᠠᠨ ᠤ ᠬᠤᠲᠠ ᠳᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/8/9
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠬᠤᠲᠠ ᠶᠢᠨ ᠠᠵᠢᠯ ᠤᠨ ᠲᠤᠰᠬᠠᠢ ᠠᠩᠭᠢ ᠮᠠᠨ ᠤ ᠬᠤᠲᠠ ᠳᠤ ᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ 8 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠠᠵᠢᠯ ᠤᠨ ᠲᠤᠰᠬᠠᠢ ᠠᠩᠭᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠭᠤᠣᠯᠳᠠᠯᠭ᠎ᠠ ᠲᠠᠢ ᠰᠠᠨᠠᠯ ᠰᠠᠨᠠᠭᠤᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ᠂ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠱᠠᠩ ᡁᠢ ᠴᠢᠶᠠᠩ ᠬᠤᠷᠠᠯ ᠢ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠣᠷᠣᠯᠴᠠᠪᠠ᠃
   ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠠᠵᠢᠯ ᠤᠨ ᠲᠤᠰᠬᠠᠢ ᠠᠩᠭᠢ ᠶᠢᠨ ᠬᠢᠨ ᠨᠢ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠠᠮᠠᠭᠠᠯᠠᠯᠲᠠ ᠶᠢᠨ ᠬᠤᠪᠴᠠᠰᠤ ᠶᠢ ᠡᠮᠦᠰᠴᠦ ᠲᠠᠶᠢᠯᠬᠤ᠂ ᠪᠥᠭᠡᠮ ᠬᠦᠴᠢᠯ ᠤᠨ ᠥᠯᠢᠭᠡᠷ ᠠᠪᠬᠤ᠂ ᠴᠠᠭᠳᠠᠭᠠᠨ ᠤ ᠬᠦᠴᠦᠨ ᠢ ᠬᠤᠪᠢᠶᠠᠷᠢᠯᠠᠬᠤ᠂ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ᠂ ᠹᠢᠽᠢᠺ ᠤᠨ ᠪᠢᠲᠡᠭᠦᠮᠵᠢᠯᠡᠯᠲᠡ᠂ ᠣᠷᠣᠵᠤ ᠭᠠᠷᠬᠤ ᠭᠠᠵᠠᠷ ᠢ ᠪᠠᠶᠢᠷᠢᠯᠠᠭᠤᠯᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠪᠢᠲᠡᠭᠦᠦ ᠡᠵᠡᠮᠰᠢᠯᠳᠦ ᠬᠠᠮᠢᠶᠠᠷᠣᠯᠳᠠ ᠶᠢᠨ ᠳᠣᠭᠤᠷᠢᠭ ᠳᠣᠲᠣᠷᠠᠬᠢ ᠪᠠᠷᠢᠯᠭ᠎ᠠ ᠪᠠᠷᠢᠬᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠪᠠᠷᠢᠬᠤ ᠪᠣᠳᠠᠲᠠᠢ ᠲᠥᠷᠥᠯ ᠵᠦᠢᠯ ᠲᠤ ᠴᠢᠭᠯᠡᠭᠦᠯᠦᠨ᠂ ᠴᠢᠩᠭ᠎ᠠ ᠪᠥᠭᠡᠳ ᠵᠢᠷᠤᠮᠵᠢᠭᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ  ᠪᠠᠲᠤ ᠪᠠᠬᠢ ᠪᠠᠶᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃
    ᠠᠵᠢᠯ ᠤᠨ ᠲᠤᠰᠬᠠᠢ ᠠᠩᠭᠢ ᠠᠴᠠ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠪᠡᠷᠬᠡ ᠬᠠᠲᠠᠭᠤᠵᠢᠯᠲᠤ ᠴᠢᠨᠠᠷ᠂ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠲᠠᠨᠢᠯᠲᠠ ᠳᠤᠲᠠᠮᠠᠭ᠂ ᠪᠡᠯᠡᠳᠬᠡᠯ ᠳᠤᠲᠠᠮᠠᠭ᠂ ᠠᠵᠢᠯ ᠳᠤᠲᠠᠮᠠᠭ ᠵᠡᠷᠭᠡ ᠠᠰᠠᠭᠤᠳᠠᠯ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠣᠯᠬᠤ ᠬᠡᠷᠡᠭᠲᠡᠢ ᠭᠡᠵᠡᠢ᠃ ᠡᠯ᠎ᠡ ᠠᠵᠢᠯ ᠤᠨ ᠲᠤᠰᠬᠠᠢ ᠠᠩᠭᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠶᠢᠨ ᠠᠵᠢᠯ ᠢ ᠨᠠᠷᠢᠨ ᠬᠢᠨᠠᠮᠠᠭᠠᠢ ᠡᠮᠬᠢᠯᠡᠨ ᠨᠠᠷᠢᠯᠢᠭᠵᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠢ ᠢᠳᠡᠪᠬᠢᠲᠡᠢ ᠡᠰᠡᠷᠭᠦᠴᠡᠨ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠬᠤ ᠬᠡᠷᠡᠭᠲᠡᠢ᠃ ︽ᠰᠡᠷᠭᠡᠶᠢᠯᠡᠬᠦ︾ ᠪᠠ ︽ᠲᠠᠯᠪᠢᠬᠤ︾ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠰᠠᠭᠠᠳ ᠦᠭᠡᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠪᠣᠭᠤᠮᠲᠠ ᠳᠤ ᠦᠵᠡᠭᠦᠯᠬᠦ ᠬᠢᠵᠢᠭ ᠤᠨ ᠨᠥᠯᠥᠭᠡ ᠶᠢ ᠪᠠᠭᠠᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃
     ᠯᠦ ᠪᠦᠦ ᠳ᠋ᠦᠩ ᠶᠠᠷᠢᠶᠠᠨ ᠳᠤ ᠪᠠᠨ᠂ ᠡᠷᠢᠶᠡᠨ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠲᠤᠰᠬᠠᠢ ᠠᠩᠭᠢ ᠶᠢᠨ ᠳᠤᠷᠠᠳᠤᠭᠰᠠᠨ ᠰᠠᠨᠠᠯ ᠪᠠ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ ᠶᠢ ᠪᠦᠷᠢᠯᠳᠦᠭᠦᠯᠦᠨ᠂ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠨᠠᠷᠢᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠤᠨ ᠴᠤᠪᠤᠷᠠᠯ ᠢ ᠨᠠᠷᠢᠯᠢᠭᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠥᠩᠭᠡᠷᠡᠬᠦ ᠶᠢ ᠰᠠᠭᠠᠳ ᠦᠭᠡᠢ ᠪᠠᠲᠤᠯᠠᠬᠤ ᠶᠢ ᠨᠢᠭᠡᠳᠦᠯᠲᠡᠢ ᠲᠥᠯᠥᠪᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠯᠬᠢᠶ᠎ᠡ ᠶᠢ ᠡᠷᠡᠰ ᠢᠶᠠᠷ ᠬᠤᠷᠢᠭᠯᠠᠨ ᠵᠣᠭᠰᠣᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠣᠯᠬᠤ ᠬᠡᠷᠡᠭᠲᠡᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号