ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ 22 ᠳ᠋ᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠡᠪᠡᠳᠴᠢᠲᠡᠨ ᠢ ᠠᠪᠤᠷᠠᠨ ᠵᠠᠰᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠬᠠᠮᠤᠭ ᠤᠨ ᠰᠢᠨ᠎ᠡ ᠪᠠᠶᠢᠳᠠᠯ ᠢ ᠮᠡᠳᠡᠭᠳᠡᠪᠡ
ᠨᠡᠶᠢᠲᠡᠯᠡᠭᠰᠡᠨ ᠴᠠᠭ᠄
2022/8/9
   8 ᠰᠠᠷ᠎ᠠ ᠶᠢᠨ 8 ᠤ ᠡᠳᠦᠷ᠂ ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ 22 ᠳ᠋ᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠡᠪᠡᠳᠴᠢᠲᠡᠨ ᠢ ᠠᠪᠤᠷᠠᠨ ᠵᠠᠰᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠬᠠᠮᠤᠭ ᠤᠨ ᠰᠢᠨ᠎ᠡ ᠪᠠᠶᠢᠳᠠᠯ ᠢ ᠵᠠᠷᠯᠠᠨ ᠮᠡᠳᠡᠭᠳᠡᠪᠡ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠵᠢᠴᠢ ᠬᠠᠮᠢᠶ᠎ᠠ ᠪᠦᠬᠦᠢ ᠬᠥᠮᠥᠰ ᠰᠣᠨᠢᠨ ᠮᠡᠳᠡᠭᠡ ᠨᠡᠶᠢᠲᠡᠯᠡᠪᠡ᠃    ᠮᠡᠳᠡᠭᠳᠡᠯ ᠢ ᠦᠨᠳᠦᠰᠦᠯᠡᠪᠡᠯ᠂ 8 ᠰᠠᠷ᠎ᠠ ᠶᠢᠨ 7 ᠤ ᠡᠳᠦᠷ ᠤᠨ 0 ︱ 24 ᠴᠠᠭ ᠲᠤ᠂ ᠮᠠᠨ ᠤ ᠬᠤᠲᠠ ᠶᠢᠨ ᠮᠡᠳᠡᠭᠦᠯᠦᠯᠲᠡ ᠳᠤ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ 3 ᠰᠢᠨ᠎ᠡ ᠪᠠᠷ ᠨᠡᠮᠡᠪᠡ᠃ 8 ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠮᠠᠨ ᠤ ᠬᠤᠲᠠ ᠳᠤ ᠣᠲᠣ ᠲᠣᠰ ᠭᠠᠵᠠᠷ ᠣᠷᠣᠨ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ 30 ᠪᠠᠶᠢᠵᠤ᠂ ᠲᠣᠰ ᠭᠠᠵᠠᠷ ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 20 ᠪᠠᠶᠢᠵᠤ᠂ ᠴᠥᠮ  ᠹᠠᠩ ᠼᠠᠩ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠦ ᠪᠠᠶᠢᠨ᠎ᠠ᠂ ᠬᠦᠨᠳᠦ ᠡᠪᠡᠳᠴᠢᠨ᠂ ᠬᠦᠨᠳᠦ ᠲᠦᠭᠰᠢᠭᠦᠷᠢᠲᠡᠢ ᠡᠪᠡᠳᠴᠢᠲᠡᠨ ᠪᠠᠶᠢᠬᠤ ᠦᠭᠡᠢ᠃ 8 ᠰᠠᠷ᠎ᠠ ᠶᠢᠨ 8 ᠤ ᠡᠳᠦᠷ ᠤᠨ 12 ᠴᠠᠭ ᠪᠣᠯᠲᠠᠯ᠎ᠠ᠂ ᠮᠠᠨ ᠤ ᠬᠤᠲᠠ ᠳᠤ ᠨᠡᠶᠢᠲᠡ 5 ᠠᠶᠤᠯ ᠲᠦᠭᠰᠢᠭᠦᠷᠢ ᠶᠡᠬᠡᠲᠡᠢ ᠣᠷᠣᠨ᠂ 14 ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠢ ᠣᠷᠣᠨ ᠪᠠᠶᠢᠵᠤ᠂ ᠪᠤᠰᠤᠳ ᠣᠷᠣᠨ ᠨᠢ ᠴᠥᠮ ᠠᠶᠤᠯ ᠲᠦᠭᠰᠢᠭᠦᠷᠢ ᠪᠠᠭᠠᠲᠠᠢ ᠣᠷᠣᠨ ᠪᠣᠯᠣᠨ᠎ᠠ᠃   ᠣᠳᠣᠬᠠᠨ ᠳᠤ᠂ ᠪᠣᠶ ᠪᠦᠬᠦᠢ ᠠᠷᠭ᠎ᠠ ᠴᠢᠨᠠᠷᠲᠠᠢ ᠡᠪᠡᠳᠴᠢᠲᠡᠨ ᠢ ᠴᠥᠮ  ᠹᠠᠩ ᠼᠠᠩ ᠡᠮᠨᠡᠯᠭᠡ ᠶᠢᠨ ᠬᠤᠷᠢᠶ᠎ᠠ ᠳᠤ ᠲᠥᠪᠯᠡᠷᠡᠭᠦᠯᠦᠨ ᠲᠤᠰᠠᠭᠠᠷᠯᠠᠨ ᠡᠮᠨᠡᠵᠦ ᠪᠠᠶᠢᠨ᠎ᠠ᠃ ᠡᠭᠦᠨ ᠤ ᠵᠡᠷᠭᠡ ᠳᠤ᠂ ᠮᠠᠨ ᠤ ᠬᠤᠲᠠ ᠶᠢᠨ ᠬᠢᠨ ᠬᠠᠯᠳᠠᠪᠤᠷᠢᠲᠤ ᠡᠪᠡᠳᠴᠢᠨ ᠤ ᠥᠷᠥᠭᠡ ᠶᠢᠨ ᠠᠵᠢᠯᠲᠠᠨ᠂ ᠲᠣᠨᠤᠭ ᠲᠥᠬᠦᠭᠡᠷᠦᠮᠵᠢ ᠵᠡᠷᠭᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠥᠷᠪᠡᠯᠵᠢᠨ ᠥᠷᠥᠭᠡᠨ ᠳᠣᠲᠣᠷ᠎ᠠ ᠠᠪᠤᠷᠠᠨ ᠡᠮᠨᠡᠬᠦ ᠳᠤ ᠲᠣᠬᠢᠷᠠᠬᠤ ᠦᠭᠡᠢ ᠡᠪᠡᠳᠴᠢᠲᠡᠨ ᠢ ᠴᠠᠭ ᠲᠤᠬᠠᠢ ᠳᠤᠨᠢ ᠰᠢᠯᠵᠢᠭᠦᠯᠦᠨ ᠵᠥᠭᠡᠭᠡᠪᠦᠷᠢᠯᠡᠬᠦ ᠠᠵᠢᠯ ᠢ ᠰᠠᠶᠢᠲᠤᠷ ᠬᠢᠵᠦ ᠪᠠᠶᠢᠨ᠎ᠠ᠃    ᠡᠮᠴᠢᠯᠡᠭᠡᠨ ᠤ ᠠᠪᠤᠷᠠᠨ ᠵᠠᠰᠠᠬᠤ ᠪᠦᠯᠬᠦᠮ ᠨᠢ ᠰᠢᠯᠢ ᠶᠢᠨ ᠭᠤᠣᠯ ᠠᠶᠢᠮᠠᠭ ᠤᠨ ᠡᠮᠴᠢᠯᠡᠭᠡᠨ ᠤ ᠠᠩᠭᠢ ᠶᠢᠨ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠤ ᠰᠠᠯᠠᠭ᠎ᠠ᠂ ᠳᠣᠲᠣᠷ ᠰᠠᠯᠠᠭ᠎ᠠ᠂ ᠬᠡᠦᠬᠡᠳ ᠤᠨ ᠰᠠᠯᠠᠭ᠎ᠠ᠂ ᠡᠮᠡᠭᠲᠡᠢ ᠶᠢᠨ ᠰᠠᠯᠠᠭ᠎ᠠ᠂ ᠠᠮᠢᠰᠬᠤᠯ ᠤᠨ ᠰᠠᠯᠠᠭ᠎ᠠ᠂ ᠭᠠᠳᠠᠷ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ ᠵᠡᠷᠭᠡ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠲᠠᠢ ᠠᠯᠤᠰ   ᠠᠴᠠ ᠬᠠᠮᠲᠤᠷᠠᠨ ᠣᠨᠣᠰᠢᠯᠠᠬᠤ ᠳᠦᠷᠢᠮ ᠢ ᠪᠠᠶᠢᠭᠤᠯᠤᠨ᠎ᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠮᠡᠷᠭᠡᠵᠢᠯᠲᠡᠨ ᠲᠤᠬᠠᠢ ᠶᠢᠨ ᠲᠠᠯᠠᠪᠤᠷ ᠲᠤ ᠡᠮᠴᠢᠯᠡᠭᠡᠨ ᠤ ᠲᠥᠰᠥᠯ ᠢ ᠵᠢᠭᠠᠨ ᠵᠢᠯᠤᠭᠤᠳᠴᠤ᠂ ᠠᠳᠠᠯᠢ ᠪᠤᠰᠤ ᠡᠪᠡᠳᠴᠢᠲᠡᠨ ᠳᠤ ᠴᠢᠭᠯᠡᠭᠦᠯᠦᠨ ᠲᠤᠰᠠᠭᠠᠷ ᠡᠮᠴᠢᠯᠡᠭᠡ ᠬᠢᠵᠦ᠂ ︽ᠨᠢᠭᠡ ᠬᠥᠮᠥᠨ ᠳᠤ ᠨᠢᠭᠡ ᠳᠠᠩᠰᠠ︾  ᠶᠢ ᠬᠡᠷᠡᠭᠵᠢᠭᠦᠯᠦᠨ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠨ ᠬᠠᠮᠲᠤᠷᠠᠨ ᠡᠮᠨᠡᠨ ᠵᠠᠰᠠᠬᠤ ᠠᠷᠭ᠎ᠠ ᠶᠢ ᠬᠡᠷᠡᠭᠯᠡᠭᠰᠡᠨ ᠪᠠᠶᠢᠨ᠎ᠠ᠃ ᠡᠮᠨᠡᠨ ᠵᠠᠰᠠᠬᠤ ᠶᠠᠪᠤᠴᠠ ᠳᠤ᠂ ᠡᠮᠴᠢ ᠰᠤᠪᠢᠯᠠᠭᠴᠢᠳ ᠡᠪᠡᠳᠴᠢᠲᠡᠨ ᠨᠢᠭᠡᠪᠦᠷᠢ ᠶᠢᠨ ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠵᠢᠭᠯᠠᠵᠤ᠂ ᠡᠮᠨᠡᠨ ᠵᠠᠰᠠᠬᠤ ᠲᠥᠰᠥᠯ ᠢᠶᠠᠨ ᠴᠠᠭ ᠲᠤᠬᠠᠢ ᠳᠤᠨᠢ ᠲᠣᠬᠢᠷᠠᠭᠤᠯᠵᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠶᠢ ᠬᠠᠪᠰᠤᠷᠭᠠᠨ᠎ᠠ᠃ ᠰᠠᠭᠤᠷᠢ ᠴᠢᠨᠠᠷᠲᠠᠢ ᠡᠪᠡᠳᠴᠢᠨ ᠲᠠᠢ ᠡᠪᠡᠳᠴᠢᠲᠡᠨ ᠳᠤ ᠣᠨᠴᠠᠭᠠᠶ ᠡᠮᠨᠡᠨ ᠰᠤᠪᠢᠯᠠᠬᠤ ᠬᠠᠷᠠᠭᠠᠯᠵᠠᠯ ᠦᠵᠡᠭᠦᠯᠵᠦ᠂ ᠨᠢᠯᠬ᠎ᠠ ᠬᠡᠦᠬᠡᠳ ᠤᠨ ᠡᠪᠡᠳᠴᠢᠲᠡᠨ ᠳᠤ ᠰᠢᠮ᠎ᠡ ᠲᠡᠵᠢᠭᠡᠯᠲᠦ ᠬᠤᠭᠤᠯᠠ ᠪᠠ ᠨᠠᠭᠠᠳᠤᠮ ᠤᠨ ᠵᠦᠢᠯ᠂ ᠨᠣᠮ ᠪᠢᠴᠢᠭ ᠵᠡᠷᠭᠡ ᠶᠢ ᠬᠠᠩᠭᠠᠨ ᠥᠭᠴᠦ᠂  ᠠᠷᠭ᠎ᠠ ᠴᠢᠨᠠᠷᠲᠠᠢ ᠡᠪᠡᠳᠴᠢᠲᠡᠨ ᠤ ᠡᠷᠲᠡᠬᠡᠨ ᠡᠷᠡᠭᠦᠯᠵᠢᠵᠦ ᠥᠷᠥᠭᠡᠨ ᠠᠴᠠ ᠭᠠᠷᠬᠤ ᠶᠢ ᠪᠠᠲᠤᠯᠠᠨ᠎ᠠ᠃ ᠣᠳᠣᠬᠠᠨ ᠳᠤ ᠪᠦᠬᠦ ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠲᠣᠭᠲᠠᠭᠤᠨ᠂ ᠬᠦᠨᠳᠦ ᠲᠦᠭᠰᠢᠭᠦᠷᠢᠲᠡᠢ ᠡᠪᠡᠳᠴᠢᠲᠡᠨ ᠪᠠᠶᠢᠬᠤ ᠦᠭᠡᠢ᠃    ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠣᠯᠠᠨ ᠲᠦᠮᠡᠨ ᠵᠠᠰᠠᠭ ᠤᠨ ᠶᠠᠪᠤᠳᠠᠯ ᠤᠨ ᠲᠤᠬᠠᠶᠢᠯᠠᠭᠰᠠᠨ ᠠᠵᠢᠯ ᠢᠶᠠᠨ ᠬᠡᠷᠬᠢᠨ ᠭᠦᠢᠴᠡᠳᠬᠡᠬᠦ ᠨᠢ ᠴᠦ ᠣᠯᠠᠨ ᠤ ᠠᠩᠬᠠᠷᠤᠯ ᠲᠠᠯᠪᠢᠵᠤ ᠪᠠᠶᠢᠭ᠎ᠠ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠤᠴᠢᠷ ᠶᠠᠪᠤᠳᠠᠯ ᠮᠡᠳᠡᠭᠳᠡᠯ ᠢ ᠦᠨᠳᠦᠰᠦᠯᠡᠪᠡᠯ᠂ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ︽ᠬᠠᠪᠰᠤᠷᠤᠨ ᠣᠷᠣᠯᠠᠨ ᠭᠦᠢᠴᠡᠳᠬᠡᠬᠦ︾ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠤᠶᠠᠷ ᠢ ᠰᠠᠭᠠᠲᠠᠭᠠᠬᠤ ᠦᠭᠡᠢ︾ ᠪᠠᠶᠢᠬᠤ ᠶᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号