ᠡᠷᠳᠡᠨᠢᠭᠤᠪᠢ ᠭᠠᠴᠠᠭ᠎ᠠ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯ ᠮᠠᠯᠴᠢᠳ ᠤᠨ ᠪᠠᠶᠠᠵᠢᠯ ᠤᠨ ᠵᠠᠮ ᠪᠣᠯᠣᠨ᠎ᠠ
ᠨᠡᠶᠢᠲᠡᠯᠡᠭᠰᠡᠨ ᠴᠠᠭ᠄
2022/9/14
     ᠵᠢᠯ ᠪᠦᠷᠢ ᠶᠢᠨ 9 ᠰᠠᠷ᠎ᠠ ᠪᠣᠯ ᠮᠠᠯ ᠤᠨ ᠭᠠᠷᠭᠠᠯᠲᠠ ᠶᠢᠨ ᠰᠢᠵᠢᠷ ᠠᠯᠳᠠᠨ ᠤᠯᠠᠷᠢᠯ ᠪᠣᠯᠣᠨ᠎ᠠ᠂ ᠡᠨᠡ ᠦᠶ᠎ᠡ ᠪᠣᠯᠬᠤ ᠪᠦᠷᠢ ᠮᠠᠯᠴᠢᠳ ᠦᠬᠡᠷ᠂ ᠬᠤᠨᠢ ᠵᠡᠷᠭᠡ ᠮᠠᠯ ᠤᠨ ᠭᠠᠷᠭᠠᠯᠲᠠ ᠶᠢᠨ ᠠᠵᠢᠯ ᠳᠤ ᠶᠠᠭᠠᠷᠠᠯᠳᠤᠳᠠᠭ᠃ ᠤᠯᠠᠨ ᠤ ᠵᠠᠷᠢᠮ ᠨᠢ ᠦᠬᠡᠷ ᠬᠤᠨᠢ ᠪᠠᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠠᠪᠠᠴᠢᠵᠤ ᠬᠤᠳᠠᠯᠳᠤᠵᠤ᠂ ᠵᠠᠷᠢᠮ ᠨᠢ ᠭᠡᠷ ᠤᠨ ᠢᠶᠠᠨ ᠡᠭᠦᠳᠡᠨ ᠳᠤ ᠬᠦᠷᠴᠦ ᠬᠤᠳᠠᠯᠳᠤᠨ ᠠᠪᠤᠭᠴᠢᠳ ᠲᠤ ᠰᠢᠭᠤᠳ ᠬᠤᠳᠠᠯᠳᠤᠨ ᠥᠭᠲᠡᠭ ᠨᠢ ᠲᠤᠩ ᠶᠠᠭᠠᠷᠠᠤ ᠶᠠᠪᠤᠳᠠᠯ ᠪᠣᠯᠬᠤ ᠶᠤᠮ᠃
  ᠬᠤᠳᠠ ᠶᠢᠨ ᠭᠡᠷᠡᠯᠳᠣᠠᠣᠳᠦ ᠰᠤᠮᠤ ᠶᠢᠨ ᠡᠷᠳᠡᠨᠢᠭᠤᠪᠢ ᠭᠠᠴᠠᠭ᠎ᠠ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠦᠬᠡᠷ ᠬᠤᠨᠢ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡ ᠨᠦᠭᠦᠳ ᠣᠷᠣᠵᠤ ᠭᠠᠷᠬᠤ ᠳᠤ᠂ ᠦᠬᠡᠷ ᠬᠤᠨᠢᠨ ᠤ ᠠᠷᠠᠯᠵᠢᠶ᠎ᠠ ᠬᠢᠬᠦ ᠪᠠᠷ ᠢᠷᠡᠭᠰᠡᠨ ᠮᠠᠯᠴᠢᠳ ᠲᠠᠰᠤᠷᠠᠯᠳᠡ ᠦᠭᠡᠢ ᠴᠤᠪᠤᠷᠠᠵᠤ ᠪᠠᠶᠢᠯ᠎ᠠ᠃ ᠡᠨᠡ ᠬᠡᠳᠦᠨ ᠡᠳᠦᠷ᠂ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠡᠮ᠎ᠡ ᠬᠤᠨᠢᠨ ᠤ ᠦᠨ᠎ᠡ ᠨᠢ ᠵᠢᠩ ᠳᠡᠭᠡᠨ 7 ︱ 10 ᠲᠥᠭᠦᠷᠢᠭ ᠤᠨ ᠬᠤᠭᠤᠷᠣᠨᠳᠤ ᠪᠠᠶᠢᠪᠠ᠃ ᠮᠠᠯᠴᠢᠨ ᠪᠠᠶᠠᠷ ᠤᠨ ᠦᠵᠡᠬᠦ ᠪᠠᠷ ᠡᠨᠡ ᠡᠳᠦᠷ 49 ᠡᠮ᠎ᠡ ᠬᠤᠨᠢ ᠶᠢ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠭᠡᠪᠡ᠃ ᠤᠳᠠᠯ ᠦᠭᠡᠢ ᠲᠡᠷᠡ ᠡᠳᠡᠭᠡᠷ ᠬᠤᠨᠢ ᠪᠠᠨ ᠪᠥᠬᠦᠳᠡ ᠶᠢ ᠬᠤᠳᠠᠯᠳᠤᠳᠠᠭ᠃ ᠲᠡᠷᠡ ᠪᠠᠰᠠ᠂ ᠭᠡᠷ ᠲᠡᠭᠡᠨ ᠨᠡᠶᠢᠳᠡ 300 ᠭᠠᠷᠤᠢ ᠬᠤᠨᠢ ᠲᠡᠵᠢᠭᠡᠵᠦ᠂ ᠪᠠᠰᠠ ᠬᠡᠳᠦᠨ ᠡᠳᠦᠷ ᠬᠤᠷᠠᠭ᠎ᠠ ᠶᠢᠨ ᠦᠨ᠎ᠡ ᠶᠢ ᠠᠵᠢᠭᠯᠠᠵᠤ᠂ 120 ᠭᠠᠷᠤᠢ ᠬᠤᠷᠠᠭ᠎ᠠ ᠪᠠᠨ ᠬᠤᠳᠠᠯᠳᠤᠬᠤ ᠪᠠᠷ ᠲᠥᠯᠥᠪᠯᠡᠵᠦ ᠪᠠᠶᠢᠨ᠎ᠠ ᠭᠡᠪᠡ᠃
 ᠮᠠᠯᠴᠢᠨ ᠠᠯᠮᠠᠰ ᠥᠨᠥᠳᠥᠷ ᠪᠠᠰᠠ ᠨᠢᠭᠡ ᠲᠡᠷᠭᠡ ᠬᠤᠨᠢ ᠪᠠᠨ ᠴᠢᠷᠦᠨ ᠬᠦᠷᠦᠯᠴᠡᠨ ᠢᠷᠡᠪᠡ᠃ ᠡᠨᠡ 40 ᠡᠮ᠎ᠡ ᠬᠤᠨᠢ ᠶᠢ ᠲᠡᠷᠡ ᠭᠠᠴᠠᠭᠠᠨ ᠤ ᠬᠢᠨ ᠳᠤ ᠬᠠᠪᠰᠤᠷᠤᠨ ᠲᠡᠵᠢᠭᠡᠵᠦ ᠥᠭᠭᠦᠭᠰᠡᠨ ᠪᠥᠭᠡᠳ ᠡᠨᠡ ᠵᠠᠪᠰᠢᠶᠠᠨ ᠢ ᠳᠠᠯᠢᠮᠳᠠᠭᠤᠯᠤᠨ ᠬᠤᠳᠠᠯᠳᠤᠬᠤ ᠪᠠᠷ ᠪᠡᠯᠡᠳᠬᠡᠵᠦ ᠪᠠᠶᠢᠪᠠ᠃
  ᠡᠨᠡ ᠵᠢᠯ᠂ ᠬᠢᠵᠢᠭ ᠤᠨ ᠪᠠᠶᠢᠳᠠᠯ ᠪᠠ ᠭᠠᠩ ᠬᠠᠭᠰᠠᠷᠠᠭᠠᠨ ᠤ ᠪᠠᠶᠢᠳᠠᠯ ᠳᠠᠪᠬᠤᠴᠠᠭᠰᠠᠨ ᠠᠴᠠ ᠪᠣᠯᠵᠤ᠂ ᠮᠠᠨ ᠤ ᠬᠤᠲᠠ ᠶᠢᠨ ᠮᠠᠯ ᠤᠨ ᠭᠠᠷᠭᠠᠯᠲᠠ ᠶᠢ ᠨᠥᠯᠥᠭᠡᠯᠡᠪᠡ᠃ ᠡᠨᠡ ᠬᠦ ᠪᠣᠳᠠᠲᠤ ᠪᠠᠶᠢᠳᠠᠯ ᠳᠤ ᠴᠢᠭᠯᠡᠭᠦᠯᠦᠨ᠂ ᠡᠷᠳᠡᠨᠢᠭᠤᠪᠢ ᠭᠠᠴᠠᠭ᠎ᠠ ᠶᠢᠨ ᠬᠢᠨ ︽ᠨᠠᠮ ᠤᠨ ᠡᠭᠦᠷ + ᠬᠤᠷᠰᠢᠶ᠎ᠠ + ᠠᠵᠤ ᠠᠬᠤᠶᠢᠯᠠᠯ + ᠮᠠᠯᠴᠢᠨ ᠡᠷᠦᠬᠡ︾ ᠶᠢᠨ ᠵᠠᠭᠪᠤᠷ ᠢᠶᠠᠷ ᠮᠠᠯᠴᠢᠳ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃ ᠲᠣᠰ ᠭᠠᠴᠠᠭᠠᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ 9 ᠰᠠᠷ᠎ᠠ ᠶᠢᠨ 11 ᠤ ᠡᠳᠦᠷ ᠠᠴᠠ ᠡᠬᠢᠯᠡᠨ ᠡᠵᠡᠩᠨᠡᠯᠲᠡ ᠪᠠᠨ ᠰᠡᠷᠭᠦᠭᠡᠵᠦ᠂ ᠥᠷᠭᠡᠨ ᠣᠯᠠᠨ ᠮᠠᠯᠴᠢᠨ ᠲᠦᠮᠡᠨ ᠳᠤ ᠳᠥᠭᠦᠮ ᠳᠥᠲᠡ᠂ ᠠᠮᠤᠷ ᠲᠦᠪᠰᠢᠨ ᠮᠠᠯ ᠤᠨ ᠠᠷᠠᠯᠵᠢᠶᠠᠨ ᠤ ᠦᠢᠯᠡᠴᠢᠯᠡᠭᠡ ᠬᠠᠩᠭᠠᠨ᠎ᠠ᠃ ᠬᠤᠳᠠᠯᠳᠤᠭ᠎ᠠ ᠡᠬᠢᠯᠡᠭᠰᠡᠨ ᠲᠡᠷᠡ ᠡᠳᠦᠷ ᠲᠤᠨᠢ ᠮᠠᠯᠴᠢᠳ 800 ᠭᠠᠷᠤᠢ ᠬᠤᠨᠢ ᠪᠠᠨ ᠬᠤᠳᠠᠯᠳᠤᠵᠠᠢ᠃ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠮᠠᠯᠴᠢᠳ ᠲᠤ ᠮᠠᠯ ᠤᠨ ᠪᠣᠷᠤᠯᠠᠭᠤᠯᠭ᠎ᠠ ᠶᠢᠨ ᠵᠠᠮ ᠢ ᠨᠡᠭᠡᠭᠡᠨ ᠥᠭᠴᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠥᠷᠭᠡᠨ ᠠᠭᠤᠳᠠᠮ ᠮᠠᠯᠵᠢᠬᠤ ᠣᠷᠣᠨ ᠢ ᠨᠠᠩ ᠢᠯᠡᠭᠦᠦ ᠠᠮᠢᠵᠢᠷᠠᠯ ᠤᠨ ᠬᠦᠴᠦᠨ ᠲᠠᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号