| | 9 ᠰᠠᠷ᠎ᠠ ᠶᠢᠨ 16 ᠤ ᠡᠳᠦᠷ᠂ ᠮᠠᠨ ᠤ ᠬᠤᠲᠠ 2022 ᠣᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠶᠢ | ᠬᠢᠨᠠᠨ ᠵᠥᠪᠰᠢᠶᠡᠷᠡᠵᠦ ᠲᠣᠭᠲᠠᠭᠠᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠤᠷᠢᠳᠴᠢᠯᠠᠨ | ᠲᠣᠭᠲᠠᠭᠠᠭᠰᠠᠨ ᠴᠡᠷᠢᠭ ᠲᠤ ᠲᠥᠪᠯᠡᠷᠡᠩᠭᠦᠢ ᠬᠢᠨᠠᠨ ᠲᠣᠭᠲᠠᠭᠠᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠮᠥᠸᠧ ᠬᠤᠩ ᠵᠢᠶᠦ᠋ᠨ᠂ | ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠬᠤᠷᠠᠯ ᠳᠤ ᠣᠷᠣᠯᠴᠠᠪᠠ᠃ | ᠬᠤᠷᠠᠯ ᠠᠴᠠ 2022 ᠣᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠢ | ᠵᠠᠷᠯᠠᠨ ᠮᠡᠳᠡᠭᠳᠡᠭᠰᠡᠨ ᠪᠥᠭᠡᠳ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠬᠢᠨᠠᠨ ᠵᠥᠪᠰᠢᠶᠡᠷᠡᠵᠦ ᠲᠣᠭᠲᠠᠭᠠᠬᠤ | ᠬᠤᠯᠪᠣᠭᠳᠠᠯ ᠪᠦᠬᠦᠢ ᠲᠣᠭᠲᠠᠭᠠᠯ ᠤᠨ ᠲᠤᠬᠠᠢ ᠲᠣᠳᠣᠷᠬᠠᠶᠢᠯᠠᠯᠲᠠ ᠬᠢᠪᠡ︔ ᠴᠡᠷᠢᠭ ᠲᠣᠭᠲᠠᠭᠠᠬᠤ ᠲᠥᠰᠥᠯ ᠢ | ᠤᠩᠰᠢᠨ ᠨᠡᠶᠢᠲᠡᠯᠡᠵᠦ᠂ ᠤᠷᠢᠳᠴᠢᠯᠠᠨ ᠲᠣᠭᠲᠠᠭᠠᠭᠰᠠᠨ ᠴᠡᠷᠢᠭ ᠤᠨ ᠬᠥᠮᠥᠰ ᠤᠨ ᠨᠡᠷᠡᠰ ᠢ ᠨᠡᠶᠢᠲᠡᠯᠡᠪᠡ︔ | ᠪᠡᠶ᠎ᠡ ᠶᠢᠨ ᠪᠠᠶᠢᠴᠠᠭᠠᠯᠲᠠ᠂ ᠤᠯᠤᠰ ᠲᠦᠷᠦ ᠶᠢᠨ ᠬᠢᠨᠠᠨ ᠰᠢᠯᠭᠠᠯᠲᠠ᠂ ᠬᠢᠨᠠᠯᠲᠠ ᠶᠢ ᠬᠦᠯᠢᠶᠡᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ︔ ᠭᠠᠷ ᠡᠷᠭᠦᠨ ᠪᠠᠲᠤᠯᠠᠬᠤ ᠠᠷᠭ᠎ᠠ ᠪᠠᠷ᠂ ᠡᠷᠢᠶᠡᠨ ᠬᠤᠳᠠ ᠶᠢᠨ 2022 | ᠣᠨ ᠤ ᠨᠠᠮᠤᠷ ᠤᠨ ᠤᠯᠠᠷᠢᠯ ᠤᠨ ᠬᠢᠨᠠᠨ ᠵᠥᠪᠰᠢᠶᠡᠷᠡᠬᠦ ᠴᠡᠷᠢᠭ ᠲᠣᠭᠲᠠᠭᠠᠬᠤ ᠬᠥᠮᠥᠰ ᠤᠨ ᠨᠡᠷᠡᠰ ᠢ ᠪᠠᠲᠤᠯᠠᠨ᠎ᠠ᠃ | ᠬᠤᠷᠠᠯ ᠠᠴᠠ᠂ ᠡᠨᠡ ᠵᠢᠯ ᠤᠨ ᠨᠠᠮᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠠᠴᠠ | ᠨᠠᠰᠢ᠂ ᠬᠤᠳᠠ ᠶᠢᠨ ᠴᠡᠷᠢᠭ ᠡᠯᠰᠡᠬᠦ ᠠᠵᠢᠯ ᠤᠨ ᠠᠯᠪᠠᠨ ᠭᠡᠷ᠂ ᠰᠤᠮᠤ᠂ ᠡᠯ᠎ᠡ ᠨᠡᠶᠢᠭᠡᠮ ᠲᠣᠭᠤᠷᠢᠭ ᠤᠨ ᠬᠢᠨ | ᠴᠡᠷᠢᠭ ᠡᠯᠰᠡᠬᠦ ᠳᠠᠶᠢᠴᠢᠯᠠᠯᠲᠠ ᠶᠢᠨ ᠤᠬᠠᠭᠤᠯᠭ᠎ᠠ᠂ ᠴᠡᠷᠢᠭ ᠤᠨ ᠠᠯᠪᠠᠨ ᠳᠤ ᠳᠠᠩᠰᠠᠯᠠᠬᠤ ᠪᠠ ᠴᠡᠷᠢᠭ ᠲᠤ ᠡᠯᠰᠡᠭᠳᠡᠬᠦ | ᠨᠡᠷ᠎ᠡ ᠮᠡᠳᠡᠭᠦᠯᠬᠦ ᠵᠡᠷᠭᠡ ᠠᠵᠢᠯ ᠢ ᠨᠢᠭᠲᠠ ᠴᠢᠩᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠡᠯᠰᠡᠬᠦ | ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠦᠬᠦ ᠬᠦᠴᠦᠨ ᠢᠶᠠᠷ ᠢᠶᠠᠨ ᠲᠡᠮᠵᠢᠨ ᠪᠠᠲᠤᠯᠠᠪᠠ︔ ᠬᠤᠲᠠ ᠶᠢᠨ ᠴᠡᠷᠢᠭ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠨᠦᠭᠦᠳ ᠪᠠᠷᠢᠮᠵᠢᠶ᠎ᠠ ᠶᠢ ᠴᠢᠩᠭ᠎ᠠ | ᠵᠢᠷᠤᠮᠯᠠᠨ ᠪᠡᠶ᠎ᠡ ᠪᠠᠨ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠠᠷᠴᠢᠮ ᠢ ᠪᠠᠷᠢᠮᠲᠠᠯᠠᠨ᠂ | ᠴᠢᠩᠭ᠎ᠠ ᠬᠢᠨᠠᠨ ᠬᠠᠷᠭᠤᠭᠤᠯᠵᠤ᠂ ᠤᠯᠤᠰ ᠲᠥᠷᠥ ᠶᠢᠨ ᠬᠢᠨᠠᠨ ᠰᠢᠯᠭᠠᠯᠲᠠ ᠶᠢᠨ ᠪᠣᠭᠤᠮᠲᠠ᠂ ᠰᠤᠷᠤᠯᠭ᠎ᠠ ᠶᠢᠨ | ᠨᠠᠮᠲᠠᠷ ᠢ ᠬᠢᠨᠠᠨ ᠪᠠᠶᠢᠴᠠᠭᠠᠬᠤ ᠪᠣᠭᠤᠮᠲᠠ ᠶᠢ ᠪᠠᠲᠤ ᠰᠠᠬᠢᠬᠤ ᠬᠡᠷᠡᠭᠲᠡᠢ︔ ᠡᠯ᠎ᠡ ᠪᠦᠷᠢᠯᠳᠦᠭᠦᠨ ᠨᠢᠭᠡᠴᠡ ᠨᠦᠭᠦᠳ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠠᠴᠠ ᠡᠭᠦᠰᠴᠦ᠂ ᠨᠢᠭᠲᠠ | ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠨᠠᠮᠤᠷ ᠤᠨ ᠤᠯᠠᠷᠢᠯ ᠤᠨ ᠴᠡᠷᠢᠭ ᠡᠯᠰᠡᠬᠦ | ᠠᠵᠢᠯ ᠤᠨ ᠡᠯ᠎ᠡ ᠵᠦᠢᠯ ᠤᠨ ᠡᠭᠦᠷᠭᠡ ᠶᠢ ᠤᠷᠤᠭᠰᠢᠲᠠᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ ᠶᠢ | ᠪᠠᠲᠤᠯᠠᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠴᠡᠷᠢᠭ ᠡᠯᠰᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠢᠯᠡ ᠨᠡᠶᠢᠲᠡᠯᠡᠬᠦ ᠠᠵᠢᠯ ᠢ ᠱᠠᠯᠠᠪᠳᠠᠨ ᠬᠢᠵᠦ᠂ | ᠬᠤᠯᠪᠣᠭᠳᠠᠯ ᠪᠦᠬᠦᠢ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠱᠠᠭᠠᠷᠳᠠᠯᠭ᠎ᠠ ᠪᠣᠯᠣᠨ ᠴᠡᠷᠢᠭ ᠤᠨ ᠠᠯᠪᠠᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠨᠲᠡ ᠲᠣᠭᠲᠠᠭᠠᠭᠰᠠᠨ | ᠴᠡᠷᠢᠭ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ᠂ ᠴᠡᠷᠢᠭ ᠤᠨ ᠠᠯᠪᠠᠨ ᠠᠴᠠ ᠡᠮᠦᠨᠡᠬᠢ ᠪᠣᠯᠪᠠᠰᠤᠷᠠᠯ᠂ | ᠲᠤᠰᠢᠶᠠᠬᠤ ᠪᠠ ᠭᠥᠯᠢᠶᠡᠨ ᠬᠦᠷᠭᠡᠬᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ | ᠴᠡᠷᠢᠭ ᠡᠯᠰᠡᠬᠦ ᠬᠤᠶᠢᠰᠢᠳᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠴᠡᠷᠢᠭ | ᠲᠣᠭᠲᠠᠭᠠᠭᠰᠠᠳ ᠤᠨ ᠬᠠᠮᠢᠶᠠᠷᠤᠯᠲᠠ ᠬᠥᠮᠦᠵᠢᠯ ᠢ ᠴᠢᠩᠭᠠᠳᠬᠠᠵᠤ᠂ ᠰᠢᠯᠢᠳᠡᠭ ᠵᠠᠯᠠᠭᠤᠴᠤᠳ᠂ ᠬᠦᠰᠡᠯ ᠵᠣᠷᠢᠭ ᠲᠠᠢ | ᠵᠠᠯᠠᠭᠤᠴᠤᠳ ᠢ ᠴᠡᠷᠢᠭ ᠠᠩᠭᠢ ᠳᠤ ᠬᠦᠷᠭᠡᠬᠦ ᠶᠢ ᠪᠠᠲᠤᠯᠠᠬᠤ ᠬᠡᠷᠡᠭᠲᠡᠢ᠃ |