ᠡᠨᠡ ᠵᠢᠯ ᠤᠨ ᠲᠦᠷᠦᠭᠦᠸ 8 ᠰᠠᠷ᠎ᠠ ᠳᠤ ᠡᠷᠢᠶᠡᠨ ᠤ ᠬᠢᠯᠢ ᠶᠢᠨ ᠪᠣᠭᠤᠮᠲᠠ 4.1 ᠲᠦᠮᠡᠨ ᠲᠣᠨ ᠵᠢᠮᠢᠰ ᠨᠣᠭᠤᠭ᠎ᠠ ᠭᠠᠳᠠᠭᠠᠳᠤ ᠳᠤ ᠭᠠᠷᠭᠠᠪᠠ
ᠨᠡᠶᠢᠲᠡᠯᠡᠭᠰᠡᠨ ᠴᠠᠭ᠄
2022/9/20
    ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠸ 8 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 4.1 ᠲᠦᠮᠡᠨ ᠲᠣᠨ ᠪᠠᠶᠢᠵᠤ᠂ ᠪᠠᠷᠠᠭᠠᠨ ᠤ ᠥᠷᠲᠡᠭ ᠨᠢ 7070.6 ᠲᠦᠮᠡᠨ ᠲᠥᠭᠦᠷᠢᠭ ᠲᠤ ᠬᠦᠷᠴᠡᠢ᠃     ᠡᠳᠦᠷ ᠪᠦᠷᠢ ᠶᠢᠨ ᠥᠷᠯᠥᠭᠡ᠂ ᠬᠤᠳᠠ ᠶᠢᠨ ᠬᠤᠤ ᠭᠠᠩ ᠵᠢᠮᠢᠰ ᠢᠳᠡᠰᠢᠨ ᠨᠣᠭᠤᠭ᠎ᠠ ᠶᠢᠨ ᠬᠦᠷᠢᠶᠡᠯᠡᠩ ᠲᠣᠭᠤᠷᠢᠭ ᠤᠨ ᠬᠢᠯᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠲᠠᠯᠠᠪᠤᠷ ᠲᠤ ᠴᠥᠮ ᠶᠠᠭᠠᠷᠠᠯᠲᠠᠢ ᠪᠠᠶᠢᠳᠠᠯ ᠢᠯᠡᠷᠡᠨ᠎ᠡ᠃ ᠠᠵᠢᠯᠴᠢᠳ ᠨᠢᠭᠡ ᠰᠠᠭᠰᠤ ᠰᠢᠨ᠎ᠡ ᠰᠣᠷᠭᠤᠭ ᠵᠢᠮᠢᠰ᠂ ᠢᠳᠡᠰᠢᠨ ᠨᠣᠭᠤᠭ᠎ᠠ ᠶᠢ ᠰᠢᠨ᠎ᠡ ᠰᠣᠷᠭᠤᠭ ᠪᠠᠶᠢᠯᠭᠠᠬᠤ ᠪᠠᠷᠠᠭᠠᠨ ᠤ ᠲᠡᠷᠭᠡᠨ ᠳᠤ ᠬᠢᠵᠦ᠂ ᠪᠣᠭᠤᠮᠲᠠ ᠥᠩᠭᠡᠷᠡᠬᠦ ᠭᠠᠷ ᠭᠦᠢᠴᠡᠳᠬᠡᠯ ᠢᠶᠠᠨ ᠬᠢᠵᠦ ᠪᠠᠷᠠᠭᠰᠠᠨ ᠤ ᠳᠠᠷᠠᠭ᠎ᠠ ᠮᠣᠩᠭᠤᠯ ᠤᠯᠤᠰ ᠲᠤ ᠵᠥᠭᠡᠭᠡᠪᠦᠷᠢᠯᠡᠨ ᠠᠪᠠᠴᠢᠪᠠ᠃     ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠤᠨ ᠡᠷᠢᠶᠡᠨ ᠪᠣᠭᠤᠮᠲᠠ ᠶᠢᠨ ᠠᠵᠦ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠬᠦᠴᠢᠷᠳᠡᠯ ᠢ ᠲᠠᠶᠢᠯᠬᠤ ᠳᠤᠭᠤᠶᠢᠯᠠᠩ ᠪᠠᠶᠢᠭᠤᠯᠵᠤ᠂ ᠵᠢᠮᠢᠰ ᠢᠳᠡᠰᠢᠨ ᠨᠣᠭᠤᠭ᠎ᠠ ᠶᠢᠨ ᠪᠥᠬᠦ ᠶᠠᠪᠤᠴᠠ ᠶᠢᠨ ᠪᠣᠭᠤᠮᠲᠠ ᠪᠠᠷ ᠥᠩᠭᠡᠷᠡᠬᠦ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠤᠭᠤᠷᠣᠨᠳᠤ ᠵᠣᠯᠭᠠᠭᠤᠯᠤᠨ ᠲᠣᠬᠢᠷᠠᠭᠤᠯᠬᠤ ᠶᠢ ᠰᠠᠶᠢᠲᠤᠷ ᠬᠢᠵᠦ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠬᠦᠴᠦᠨ ᠲᠠᠢ ᠬᠤᠭᠤᠴᠠᠭ᠎ᠠ ᠶᠢ ᠪᠠᠭᠠᠰᠬᠠᠨ᠂ ᠬᠠᠮᠤᠭ ᠤᠨ ᠲᠡᠷᠢᠭᠦᠨ ᠳᠤ ᠮᠣᠩᠭᠤᠯ ᠤᠯᠤᠰ ᠤᠨ ᠵᠠᠮ ᠤᠨ ᠡᠭᠦᠳᠡ ᠪᠣᠭᠤᠮᠲᠠ ᠳᠤ ᠵᠠᠬᠢᠳᠠᠯ ᠢᠯᠡᠭᠡᠵᠦ ︽ᠤᠷᠭᠤᠮᠠᠯ ᠤᠨ ᠬᠢᠵᠢᠭ ᠪᠠᠶᠢᠴᠠᠭᠠᠯᠲᠠ ᠶᠢᠨ ᠦᠨᠡᠮᠯᠡᠯ︾ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠵᠥᠪᠳᠡᠯᠴᠡᠨ᠂ ᠰᠦᠯᠵᠢᠶᠡᠨ ᠳᠡᠭᠡᠷ᠎ᠡ ᠳᠠᠮᠵᠢᠭᠤᠯᠵᠤ ᠬᠠᠷᠭᠤᠭᠤᠯᠤᠨ ᠪᠠᠶᠢᠴᠠᠭᠠᠬᠤ ᠪᠣᠯᠣᠮᠵᠢᠲᠤ ᠴᠢᠨᠠᠷ ᠢ ᠵᠥᠪᠳᠡᠯᠴᠡᠨ ᠶᠠᠷᠢᠯᠴᠠᠵᠤ᠂ ᠬᠡᠪ ᠤᠨ ᠪᠤᠰᠤ ᠪᠠᠶᠢᠳᠠᠯ ᠤᠨ ᠳᠣᠣᠷᠠᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠪᠠᠲᠤᠯᠠᠪᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠨᠡᠪᠲᠡᠷᠡᠬᠦ ᠵᠠᠮ︾ ᠵᠢᠩᠬᠢᠨᠢ ᠪᠠᠷ ᠨᠡᠪᠲᠡᠷᠡᠵᠦ᠂ ᠣᠲᠣ ᠪᠣᠯᠲᠠᠯ᠎ᠠ 4 ᠵᠢᠯ ᠤᠷᠤᠭᠰᠢᠲᠠᠢ ᠠᠵᠢᠯᠯᠠᠵᠤ ᠪᠠᠶᠢᠨ᠎ᠠ᠃ ᠠᠯᠮᠤᠷᠠᠳ᠂ ᠵᠦᠷᠵᠢ᠂ ᠨᠢᠮᠪᠡᠭᠡ᠂ ᠣᠷᠣᠰ ᠰᠣᠩᠭᠢᠨ᠎ᠠ᠂ ᠯᠠᠵᠤᠤ᠂ ᠥᠷᠭᠡᠰᠦᠲᠦ ᠬᠡᠮᠬᠡ ᠵᠡᠷᠭᠡ 30 ᠭᠠᠷᠤᠢ ᠵᠦᠢᠯ ᠤᠨ ᠵᠢᠮᠢᠰ ᠪᠠ ᠢᠳᠡᠰᠢᠨ ᠨᠣᠭᠤᠭ᠎ᠠ ᠶᠢ ᠪᠠᠭᠲᠠᠭᠠᠭᠰᠠᠨ ᠳᠤᠮᠳᠠᠳᠤ ᠮᠣᠩᠭᠤᠯ ᠬᠤᠶᠠᠷ ᠤᠯᠤᠰ ᠢ ᠠᠯᠤᠰᠯᠠᠭᠰᠠᠨ ᠠᠷᠠᠯᠵᠢᠶᠠᠨ ᠤ ᠵᠠᠮ ᠢᠶᠠᠷ ᠮᠣᠩᠭᠤᠯ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠡᠭᠡᠷ᠎ᠡ ᠲᠠᠰᠤᠷᠠᠯᠲᠠ ᠦᠭᠡᠢ ᠬᠦᠷᠭᠡᠵᠦ ᠪᠠᠶᠢᠨ᠎ᠠ᠃     ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ ᠨᠡᠪᠲᠡᠷᠡᠭᠰᠡᠨ ᠠᠴᠠ ᠠᠪᠤᠭᠠᠳ ᠡᠨᠡ ᠵᠢᠯ ᠤᠨ 8 ᠰᠠᠷ᠎ᠠ ᠪᠣᠯᠲᠠᠯ᠎ᠠ᠂ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠨᠡᠶᠢᠲᠡ 39.9 ᠲᠦᠮᠡᠨ ᠲᠣᠨ ᠳᠤ ᠬᠦᠷᠴᠦ᠂ ᠪᠠᠷᠠᠭᠠᠨ ᠤ ᠥᠷᠲᠡᠭ ᠨᠢ 4.87 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号