ᠯᠢᠦ ᡁᠢ ᠫᠢᠩ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠲᠤᠬᠠᠢ ᠶᠢᠨ ᠲᠠᠯᠠᠪᠤᠷ ᠲᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/9/21
    ᠬᠤᠲᠠ ᠶᠢᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ 9 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠂ ᠣᠯᠠᠨ ᠲᠦᠮᠡᠨ ᠤ ᠪᠣᠳᠠᠲᠠᠢ ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠪᠡ᠃
   ᠯᠢᠦ ᡁᠢ ᠫᠢᠩ ᠤᠷᠢᠳ ᠬᠤᠵᠢᠳ ᠭᠤᠷᠪᠠ ᠤᠳᠠᠭ᠎ᠠ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠭᠥᠯᠢᠶᠡᠨ ᠠᠪᠴᠤ᠂ ᠲᠡᠳᠡᠨ ᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠪᠣᠳᠠᠲᠠᠢ ᠪᠠᠶᠢᠳᠠᠯ ᠢ ᠨᠠᠷᠢᠨ ᠣᠶᠢᠯᠠᠭᠠᠵᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠶᠢ ᠨᠢᠭᠡᠳ ᠨᠢᠭᠡ ᠪᠠᠷ ᠰᠤᠳᠤᠯᠤᠨ ᠳᠤᠷᠠᠳᠴᠠᠢ᠃
    ᠯᠢᠦ ᡁᠢ ᠫᠢᠩ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠣᠨ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠪᠣᠳᠠᠲᠠᠢ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠨ ᠥᠭᠴᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ︽ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠨᠠᠩ ᠣᠯᠠᠨ ᠡᠬᠢ ᠪᠠᠶᠠᠯᠢᠭ ᠪᠠ ᠬᠦᠴᠦᠨ ᠴᠢᠳᠠᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠵᠤ᠂ ᠡᠨᠡ ᠬᠦ ︽ᠭᠡᠷ ᠲᠤᠨᠢ ᠬᠦᠷᠭᠡᠵᠦ ᠢᠷᠡᠭᠰᠡᠨ ᠣᠯᠠᠨ ᠲᠦᠮᠡᠨ ᠤ ᠠᠵᠢᠯ︾ ᠢ ᠪᠣᠳᠠᠲᠠᠶᠢᠵᠢᠭᠤᠯᠤᠨ ᠰᠠᠶᠢᠲᠤᠷ ᠬᠢᠬᠦ ᠬᠡᠷᠡᠭᠲᠡᠢ᠃ ᠪᠣᠳᠠᠲᠠᠢ ᠶᠢ ᠡᠷᠬᠢᠮᠯᠡᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ᠂ ᠬᠠᠤᠯᠢ ᠲᠣᠭᠲᠠᠭᠠᠯ ᠶᠣᠰᠣᠭᠠᠷ ᠤᠯᠠᠨ ᠲᠦᠮᠡᠨ ᠤ ᠲᠤᠰᠬᠠᠭᠰᠠᠨ ᠲᠣᠪᠣᠶᠢᠮ᠎ᠠ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠢᠢᠳᠪᠦᠷᠢᠯᠡᠵᠦ᠂ ᠠᠷᠠᠳ ᠤᠯᠠᠨ ᠳᠤ ᠡᠷᠬᠡ ᠲᠡᠭᠰᠢ ᠪᠠᠷ ᠬᠠᠨᠳᠤᠵᠤ᠂ ᠠᠰᠢᠭ ᠲᠤᠰᠠ ᠶᠢ ᠨᠢ ᠪᠦᠲᠦᠮᠵᠢᠲᠡᠢ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠤᠯᠠᠨ ᠲᠦᠮᠡᠨ ᠲᠠᠢ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠵᠤ ᠪᠠᠶᠢᠭ᠎ᠠ ᠪᠠᠶᠢᠪᠠᠯ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠬᠤ ᠬᠡᠷᠡᠭᠲᠡᠢ᠂ ᠨᠢᠭᠡ ᠯᠡ ᠳᠣᠣᠷ᠎ᠠ ᠬᠠᠶᠠᠵᠤ ᠪᠣᠯᠬᠤ ᠦᠭᠡᠢ᠂ ᠳᠡᠭᠡᠭᠰᠢ ᠰᠤᠷᠪᠤᠯᠵᠢᠯᠠᠭᠰᠠᠨ ᠤᠯᠠᠨ ᠲᠦᠮᠡᠨ ᠢ ᠰᠡᠳᠬᠢᠯ ᠬᠠᠨᠤᠮᠵᠢᠲᠠᠶ ᠪᠤᠴᠠᠭᠠᠬᠤ ᠪᠠᠷ ᠴᠢᠷᠮᠠᠶᠢᠵᠤ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号