ᠯᠦ ᠪᠦᠦ ᠳ᠋ᠦᠩ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/9/21
       9 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠠᠩᠭᠢ ᠳᠠᠭᠠᠭᠤᠯᠤᠨ ᠲᠡᠮᠦᠷ ᠵᠠᠮ ᠤᠨ ᠴᠢᠳᠠᠪᠤᠷᠢ ᠶᠢ ᠨᠥᠬᠦᠪᠦᠷᠢᠯᠡᠬᠦ ᠢᠨᠵᠧᠨᠧᠷᠢᠩ ᠤᠨ ᠪᠢᠲᠡᠭᠦᠦ ᠡᠵᠡᠮᠰᠢᠯᠳᠦ ᠬᠠᠮᠢᠶᠠᠷᠤᠯᠲᠠ ᠶᠢᠨ ᠲᠣᠭᠤᠷᠢᠭ ᠲᠤ ᠭᠦᠨᠵᠡᠭᠡᠶᠢᠷᠡᠵᠦ᠂ ᠪᠢᠳᠡᠬᠦᠮᠵᠢᠯᠡᠯᠳᠠ ᠶᠢᠨ ᠲᠣᠭᠤᠷᠢᠭ ᠤᠨ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠳᠠᠬᠢᠨ ᠬᠢᠨᠠᠨ ᠵᠢᠯᠤᠭᠤᠳᠴᠤ ᠪᠠᠶᠢᠷᠢᠯᠠᠭᠤᠯᠪᠠ᠃
      ᠲᠡᠮᠦᠷ ᠵᠠᠮ ᠤᠨ ᠪᠢᠳᠡᠬᠦᠮᠵᠢᠯᠡᠯᠳᠠ ᠶᠢᠨ ᠣᠷᠣᠨ ᠳᠤ᠂ ᠯᠦ ᠪᠦᠦ ᠳ᠋ᠦᠩ ᠪᠢᠲᠡᠭᠦᠦ ᠡᠵᠡᠮᠰᠢᠯᠳᠦ ᠲᠣᠭᠤᠷᠢᠭ ᠤᠨ ᠬᠢᠨᠠᠨ ᠬᠠᠮᠢᠶᠠᠷᠤᠯᠲᠠ᠂ ᠬᠢᠨᠠᠨ ᠡᠵᠡᠮᠳᠡᠯ ᠤᠨ ᠪᠦᠷᠬᠦᠴᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠳᠦᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃
     ᠯᠦ ᠪᠦᠦ ᠳ᠋ᠦᠩ᠂ ᠲᠡᠮᠦᠷ ᠵᠠᠮ ᠤᠨ ᠪᠣᠭᠤᠮᠲᠠ ᠶᠢᠨ ᠪᠢᠲᠡᠭᠦᠮᠵᠢᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠪᠣᠯ ᠬᠢᠵᠢᠭ ᠤᠨ ᠪᠠᠶᠢᠳᠠᠯ ᠬᠠᠯᠳᠠᠪᠣᠷᠢᠯᠠᠨ ᠣᠷᠣᠬᠤ ᠶᠢ ᠰᠡᠷᠭᠡᠶᠢᠯᠡᠬᠦ ᠴᠢᠬᠤᠯᠠ ᠠᠷᠭ᠎ᠠ ᠪᠠᠷᠢᠯ ᠮᠥᠨ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠡᠮᠦᠷ ᠵᠠᠮ ᠤᠨ ᠪᠢᠲᠡᠭᠦᠮᠵᠢᠯᠡᠭᠰᠡᠨ ᠣᠷᠣᠨ ᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠬᠡᠮ ᠪᠠ ᠬᠡᠮ ᠰᠣᠭᠤᠭ ᠢ ᠦᠷᠭᠦᠯᠵᠢᠯᠡᠨ ᠵᠢᠭᠰᠠᠭᠠᠨ ᠪᠠᠶᠢᠴᠠᠭᠠᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠪᠣᠷᠢᠯᠠᠪᠠ᠃       ᠯᠦ ᠪᠦᠦ ᠳ᠋ᠦᠩ  ᠂ ᠠᠵᠤ ᠠᠬᠤᠶᠢᠯᠠᠯ ᠤᠨ ᠬᠢᠨ ᠲᠤᠷᠰᠢᠯᠭ᠎ᠠ ᠰᠤᠷᠭᠠᠮᠵᠢ ᠪᠠᠨ ᠭᠦᠨᠵᠡᠭᠡᠢ ᠰᠢᠩᠭᠡᠬᠡᠨ ᠠᠪᠴᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ ᠪᠠ ᠨᠠᠵᠠᠭᠠᠶᠢᠷᠠᠬᠤ ᠰᠡᠳᠬᠢᠯᠭᠡ ᠪᠠᠨ ᠲᠡᠪᠴᠢᠵᠦ᠂ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠦᠢᠴᠡᠳ ᠨᠠᠶᠢᠳᠠᠪᠤᠷᠢᠵᠢᠭᠤᠯᠬᠤ ᠬᠡᠷᠡᠭᠲᠡᠢ︔ ᠪᠢᠲᠡᠭᠦᠮᠵᠢᠯᠡᠭᠰᠡᠨ ᠣᠷᠣᠨ ᠬᠡᠪᠴᠢᠶ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤᠨᠢ ᠥᠪᠡᠷ ᠢᠶᠠᠨ ᠪᠠᠶᠢᠴᠠᠭᠠᠵᠤ᠂ ᠨᠠᠷᠢᠨ ᠲᠠᠩᠰᠠ ᠶᠢᠨ ᠡᠬᠡ ᠲᠠᠩᠰᠠ ᠪᠠᠶᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ︔ ᠠᠵᠢᠯᠯᠠᠭᠰᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠨ ᠤ ᠠᠵᠢᠯ ᠤᠨ ᠶᠠᠪᠣᠴᠠ ᠶᠢ ᠵᠢᠷᠤᠮᠵᠢᠭᠤᠯᠬᠤ ᠶᠢᠨ ᠬᠠᠮᠲᠤ ᠰᠢᠯᠢᠳᠡᠭᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ︔ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ  ᠶᠢ ᠴᠢᠬᠤᠯᠠᠴᠢᠯᠠᠵᠦ᠂ ᠬᠢᠵᠢᠭ ᠤᠨ ᠪᠠᠶᠢᠳᠠᠯ ᠡᠭᠦᠰᠬᠦ ᠪᠣᠯᠣᠮᠵᠢ ᠶᠢ ᠡᠬᠢ ᠡᠭᠦᠰᠦᠯ ᠠᠴᠠ ᠨᠢ ᠬᠤᠷᠢᠭᠯᠠᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤ ᠪᠠᠶᠢᠭᠤᠯᠬᠤ ᠬᠡᠷᠡᠭᠲᠡᠢ᠃ ᠪᠣᠭᠤᠮᠲᠠ ᠶᠢᠨ ᠲᠤᠰᠬᠠᠢ ᠠᠩᠭᠢ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ ᠴᠢᠩᠭ᠎ᠠ ᠠᠳᠬᠤᠬᠤ ᠬᠡᠷᠡᠭᠲᠡᠢ︔ ᠡᠳᠦᠷ ᠲᠤᠲᠤᠮ ᠤᠨ ᠲᠣᠭᠤᠷᠢᠨ ᠴᠠᠭᠳᠠᠵᠤ ᠰᠤᠭᠤᠴᠢᠨ ᠪᠠᠶᠢᠴᠠᠭᠠᠬᠤ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠬᠢᠨᠠᠨ ᠬᠡᠮᠵᠢᠬᠦ ᠶᠢ ᠴᠢᠩᠭᠠᠳᠬᠠᠵᠤ᠂ ᠨᠢᠭᠡ ᠡᠳᠦᠷ ᠲᠤ ᠨᠢᠭᠡ ᠤᠳᠠᠭ᠎ᠠ ᠮᠡᠳᠡᠭᠦᠯᠬᠦ ᠶᠢ ᠡᠷᠡᠰ ᠪᠡᠶᠡᠯᠡᠭᠦᠯᠬᠦ ᠬᠡᠷᠡᠭᠲᠡᠢ︔ ︽ᠴᠢᠩᠭ᠎ᠠ᠂ ᠬᠢᠨᠠᠮᠠᠭᠠᠢ᠂ ᠪᠣᠳᠠᠲᠠᠢ︾ ᠠᠵᠢᠯ ᠤᠨ ᠪᠠᠶᠢᠳᠠᠯ ᠢ ᠴᠠᠭ ᠢᠮᠠᠭᠲᠠ ᠪᠠᠲᠤᠯᠠᠵᠤ᠂ ᠣᠷᠣᠨ ᠬᠡᠪᠴᠢᠶ᠎ᠠ ᠶᠢᠨ ᠪᠢᠲᠡᠭᠦᠦ ᠡᠵᠡᠮᠰᠢᠯᠳᠦ ᠬᠠᠮᠢᠶᠠᠷᠤᠯᠲᠠ᠂ ᠠᠷᠢᠭᠤᠳᠬᠠᠨ ᠠᠷᠢᠯᠭᠠᠬᠤ᠂ ᠠᠵᠢᠯᠯᠠᠵᠤ ᠪᠠᠶᠢᠭ᠎ᠠ ᠬᠥᠮᠥᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠬᠤᠷᠢᠭᠯᠠᠵᠤ ᠂ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠬᠠᠮᠢᠶᠠᠷᠬᠤ ᠵᠢᠯᠣᠭᠤᠳᠤᠯᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号