︽ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠵᠦ · ᠪᠠᠷᠠᠭᠠᠨ ᠤ ᠲᠡᠭᠡᠭᠡᠪᠦᠷᠢ ᠶᠢ ᠲᠣᠭᠲᠠᠪᠤᠷᠢᠵᠢᠭᠤᠯᠵᠤ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠎ᠠ︾ ᠡᠷᠢᠶᠡᠨ ᠤ ᠲᠡᠮᠦᠷ ᠵᠠᠮ ᠤᠨ ᠪᠣᠭᠤᠮᠲᠠ ᠶᠢᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠶᠢ ᠪᠡᠶᠡᠯᠡᠭᠦᠯᠵᠦ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/9/22
    ᠲᠦᠷᠦᠭᠦᠬᠡᠨ᠂ ᠵᠢᠨᠢᠩ ᠠᠴᠠ ᠡᠷᠢᠶᠡᠨ ᠲᠡᠮᠦᠷ ᠵᠠᠮ ᠤᠨ ᠡᠷᠢᠶᠡᠨ ᠥᠷᠲᠡᠭᠡ ᠶᠢᠨ ᠴᠢᠳᠠᠮᠵᠢ ᠶᠢ ᠥᠭᠡᠷᠡᠴᠢᠯᠡᠬᠦ ᠵᠢᠴᠢ ᠲᠥᠪᠯᠡᠷᠡᠭᠦᠯᠦᠨ ᠡᠵᠡᠮᠳᠡᠬᠦ ᠲᠥᠪ ᠢ ᠥᠭᠡᠷᠡᠴᠢᠯᠡᠬᠦ ᠢᠨᠵᠧᠨᠧᠷᠢᠩ ᠢ ᠤᠷᠤᠭᠰᠢᠲᠠᠢ ᠪᠡᠶᠡᠯᠡᠭᠦᠯᠪᠡ᠃ ᠲᠣᠰ ᠲᠥᠷᠥᠯ ᠵᠦᠢᠯ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠵᠤ᠂ ᠲᠡᠮᠦᠷ ᠵᠠᠮ ᠤᠨ ᠪᠣᠭᠤᠮᠲᠠ ᠶᠢᠨ ᠳᠠᠭᠠᠭᠠᠬᠤ ᠴᠢᠳᠠᠪᠤᠷᠢ ᠪᠠ ᠬᠢᠯᠢ ᠪᠠᠷ ᠥᠩᠭᠡᠷᠡᠬᠦ ᠵᠢᠰᠢᠶᠠᠨ ᠤ ᠴᠤᠪᠤᠭ᠎ᠠ ᠲᠡᠷᠭᠡ ᠶᠢᠨ ᠰᠣᠯᠢᠵᠤ ᠠᠴᠢᠶᠠᠯᠠᠬᠤ ᠴᠢᠳᠠᠪᠤᠷᠢ ᠶᠢ ᠲᠤᠶᠢᠯ ᠤᠨ ᠶᠡᠭᠡ ᠪᠠᠷ ᠨᠡᠮᠡᠭᠳᠡᠭᠦᠯᠵᠦ᠂ ᠵᠢᠰᠢᠶᠠᠨ ᠤ ᠪᠠ ᠡᠷᠢᠶᠡᠨ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠵᠠᠮ ᠤᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠮᠣᠩᠭᠤᠯ ᠤᠨ ᠬᠤᠭᠤᠷᠣᠨᠳᠣᠬᠢ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ ᠶᠢᠨ ᠨᠡᠮᠡᠭᠳᠡᠯ ᠤᠨ ᠬᠡᠷᠡᠭᠴᠡᠭᠡ ᠶᠢ ᠬᠠᠩᠭᠠᠬᠤ ᠳᠤ ᠴᠢᠬᠤᠯᠠ ᠦᠢᠯᠡᠳᠦᠯ ᠲᠠᠢ ᠶᠤᠮ᠃
    ᠣᠶᠢᠷ᠎ᠠ ᠳᠤ᠂ ᠰᠤᠷᠪᠤᠯᠵᠢᠯᠠᠭᠴᠢ ᠰᠢᠨ᠎ᠡ ᠪᠠᠷ ᠪᠠᠶᠢᠭᠤᠯᠤᠭᠰᠠᠨ ᠡᠷᠢᠶᠡᠨ ᠤ ᠥᠷᠲᠡᠭᠡ ᠶᠢᠨ ᠲᠣᠬᠢᠷᠠᠭᠤᠯᠤᠨ ᠵᠢᠯᠤᠭᠤᠳᠬᠤ ᠲᠥᠪ ᠠᠴᠠ ᠣᠯᠵᠤ ᠬᠠᠷᠠᠭᠰᠠᠨ ᠨᠢ᠂ ᠤᠤᠯ ᠤᠨ ᠪᠠᠶᠢᠭᠰᠠᠨ ᠥᠷᠭᠡᠨ ᠲᠡᠮᠦᠷ ᠵᠠᠮ ᠤᠨ ᠳᠣᠬᠢᠶᠠᠨ ᠤ ᠠᠰᠠᠷ᠂ ᠪᠠᠷᠢᠮᠵᠢᠶᠠᠲᠤ ᠲᠡᠮᠦᠷ ᠵᠠᠮ ᠤᠨ ᠳᠣᠬᠢᠶᠠᠨ ᠤ ᠠᠰᠠᠷ᠂ ᠬᠦᠷᠳᠦᠨ ᠲᠠᠯᠠᠪᠤᠷ ᠲᠣᠭᠤᠷᠢᠭ᠂ ᠬᠢᠯᠢ ᠶᠢᠨ ᠪᠠᠶᠢᠴᠠᠭᠠᠯᠲᠠ ᠶᠢᠨ ᠲᠠᠯᠠᠪᠤᠷ ᠵᠡᠷᠭᠡ ᠳᠥᠷᠪᠡᠨ ᠲᠡᠷᠭᠡᠨ ᠲᠠᠰᠤᠭ ᠢ ᠨᠡᠶᠢᠯᠡᠭᠦᠯᠵᠦ᠂ ︽ᠳᠥᠷᠪᠡᠨ ᠲᠠᠯᠠᠪᠤᠷ ᠨᠢᠭᠡ︾ ᠶᠢ ᠲᠥᠪᠯᠡᠷᠡᠭᠦᠯᠦᠨ ᠡᠵᠡᠮᠳᠡᠬᠦ ᠶᠢ ᠪᠡᠶᠡᠯᠡᠭᠦᠯᠵᠡᠢ᠃ ᠲᠣᠬᠢᠷᠠᠭᠤᠯᠤᠨ ᠵᠢᠯᠤᠭᠤᠳᠬᠤ ᠠᠵᠢᠯ ᠤᠨ ᠪᠠᠶᠢᠷᠢ ᠳᠤ ᠡᠷᠬᠢᠯᠡᠭᠴᠢ ᠲᠣᠬᠢᠷᠠᠭᠤᠯᠤᠭᠴᠢ᠂ ᠲᠡᠷᠭᠡᠨ ᠥᠷᠲᠡᠭᠡᠨ ᠤ ᠲᠣᠬᠢᠷᠠᠭᠤᠯᠤᠭᠴᠢ᠂ ᠪᠠᠷᠠᠭ᠎ᠠ ᠶᠢᠨ ᠲᠡᠭᠡᠭᠡᠪᠦᠷᠢ ᠶᠢᠨ ᠲᠣᠬᠢᠷᠠᠭᠤᠯᠤᠭᠴᠢ᠂ ᠥᠷᠲᠡᠭᠡᠨ ᠤ ᠲᠣᠬᠢᠷᠠᠭᠤᠯᠤᠭᠴᠢ᠂ ᠲᠤᠭ᠎ᠠ ᠪᠦᠷᠢᠳᠬᠡᠭᠴᠢ ᠵᠡᠷᠭᠡ ᠶᠢ ᠬᠠᠮᠲᠤ ᠳᠤ ᠨᠢ ᠲᠥᠪᠯᠡᠷᠡᠭᠦᠯᠦᠨ ᠡᠵᠡᠮᠳᠡᠬᠦ ᠲᠥᠪ ᠲᠤ ᠣᠷᠣᠭᠤᠯᠵᠤ᠂ ᠲᠡᠷᠭᠡ ᠵᠢᠯᠤᠭᠤᠳᠬᠤ ᠪᠠ ᠲᠣᠬᠢᠷᠠᠭᠤᠯᠤᠨ ᠵᠢᠯᠤᠭᠤᠳᠬᠤ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠬᠠᠮᠲᠤ ᠳᠤ ᠪᠠᠨ ᠡᠳ᠋ᠯᠡᠬᠦ᠂ ᠲᠠᠯᠠᠪᠤᠷ ᠤᠨ ᠬᠤᠭᠤᠷᠣᠨᠳᠣᠬᠢ ᠬᠠᠷᠢᠯᠴᠠᠭ᠎ᠠ ᠶᠢ ᠰᠢᠯᠢᠳᠡᠭᠵᠢᠭᠦᠯᠬᠦ᠂ ᠲᠤᠰᠬᠠᠢ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠴᠢᠩᠭᠠᠷᠠᠭᠤᠯᠬᠤ ᠳᠤ ᠬᠦᠷᠦᠭᠦᠯᠵᠦ᠂ ᠪᠣᠭᠤᠮᠲᠠ ᠶᠢᠨ ᠲᠡᠭᠡᠭᠡᠪᠦᠷᠢ ᠶᠢᠨ ᠴᠢᠳᠠᠪᠤᠷᠢ ᠪᠠ  ᠡᠷᠢᠶᠡᠨ ᠱᠣᠭᠤᠮ ᠤᠨ ᠨᠡᠪᠲᠡᠷᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠥᠨᠳᠥᠷ ᠦᠷ᠎ᠡ ᠪᠦᠲᠦᠮᠵᠢᠲᠡᠶ ᠪᠠᠷ ᠲᠤᠰᠠᠯᠠᠬᠤ ᠬᠡᠷᠡᠭᠲᠡᠢ᠃     ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠡᠷᠡᠭᠴᠡᠭᠡ ᠶᠢᠨ ᠲᠦᠷᠭᠡᠨ ᠨᠡᠮᠡᠭᠳᠡᠬᠦ ᠶᠢ ᠳᠠᠭᠠᠯᠳᠤᠨ᠂ ᠪᠣᠭᠤᠮᠲᠠ ᠶᠢᠨ ᠰᠣᠯᠢᠵᠤ ᠠᠴᠢᠶᠠᠯᠠᠬᠤ ᠪᠣᠭᠤᠮᠲᠠ ᠥᠩᠭᠡᠷᠡᠬᠦ ᠪᠠ ᠬᠢᠯᠢ ᠶᠢᠨ ᠳᠣᠲᠣᠨ᠎ᠠ ᠭᠠᠳᠠᠨᠠᠬᠢ ᠨᠡᠪᠲᠡᠷᠡᠬᠦ ᠵᠠᠮ ᠤᠨ ᠴᠢᠳᠠᠪᠤᠷᠢ ᠡᠳᠦᠷ ᠢᠷᠡᠬᠦᠶ᠎ᠡ ᠪᠠᠴᠢᠮ ᠪᠣᠯᠪᠠ᠃ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠠᠵᠢᠯᠯᠠᠬᠤ ᠶᠢ ᠪᠠᠲᠤᠯᠠᠬᠤ ᠶᠢᠨ ᠳᠣᠯᠠᠳᠠ᠂ ᠡᠨᠡ ᠵᠢᠯ ᠤᠨ 6 ᠰᠠᠷ᠎ᠠ ᠳᠤ᠂ ᠵᠢᠨᠢᠩ ᠡᠷᠢᠶᠡᠨ ᠲᠡᠮᠦᠷ ᠵᠠᠮ ᠤᠨ ᠡᠷᠢᠶᠡᠨ ᠦᠷᠳᠡᠭᠡ ᠶᠢᠨ ᠡᠨᠧᠷᠭᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠥᠷᠭᠡᠨ ᠪᠠᠷᠢᠮᠵᠢᠶᠠᠲᠤ ᠲᠡᠮᠦᠷ ᠵᠠᠮ ᠢ ᠠᠰᠢᠭᠯᠠᠯᠲᠠ ᠶᠢᠨ ᠲᠠᠯᠠᠪᠠᠢ ᠳᠤ ᠬᠦᠷᠭᠡᠬᠦ᠂ ᠲᠡᠷᠭᠡ ᠲᠣᠬᠢᠷᠠᠭᠤᠯᠬᠤ ᠲᠠᠯᠠᠪᠠᠢ ᠶᠢ ᠥᠭᠡᠷᠡᠴᠢᠯᠡᠨ ᠥᠷᠭᠡᠳᠬᠡᠨ ᠪᠠᠶᠢᠭᠤᠯᠬᠤ ᠵᠢᠴᠢ ᠬᠤᠯᠪᠣᠭᠳᠠᠯ ᠪᠦᠬᠦᠢ ᠢᠨᠵᠧᠨᠧᠷᠢᠩ ᠲᠠᠢ ᠬᠤᠯᠪᠣᠭᠳᠠᠵᠤ᠂ ᠳᠤᠰ ᠦᠷᠳᠡᠭᠡ ᠶᠢᠨ ᠲᠡᠦᠬᠡᠨ ᠳᠡᠭᠡᠷᠡᠬᠢ ᠳᠥᠷᠪᠡᠳᠦᠭᠡᠷ ᠤᠳᠠᠭ᠎ᠠ ᠶᠢᠨ ᠶᠡᠭᠡ ᠬᠡᠪᠴᠢᠶᠡᠨ ᠤ ᠡᠨᠧᠷᠭᠢ ᠶᠢ ᠥᠷᠭᠡᠳᠬᠡᠨ ᠥᠭᠡᠷᠡᠴᠢᠯᠡᠬᠦ ᠠᠵᠢᠯ ᠪᠣᠯᠣᠨ᠎ᠠ᠃ ᠪᠠᠷᠢᠯᠭ᠎ᠠ ᠶᠢᠨ ᠠᠵᠢᠯ ᠨᠢ ᠭᠤᠣᠯᠳᠠᠭᠤ ᠪᠠᠷᠢᠯᠭ᠎ᠠ ᠶᠢᠨ ᠠᠵᠢᠯ᠂ ᠳᠣᠬᠢᠶ᠎ᠠ᠂ ᠮᠡᠳᠡᠭᠡ ᠬᠤᠯᠪᠣᠭ᠎ᠠ᠂ ᠴᠠᠬᠢᠯᠭᠠᠨ ᠬᠦᠴᠦ᠂ ᠮᠡᠳᠡᠭᠡ ᠵᠠᠩᠭᠢ᠂ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠵᠡᠷᠭᠡ ᠳᠤ ᠬᠤᠯᠪᠣᠭᠳᠠᠨ᠎ᠠ᠃ ᠥᠭᠡᠷᠡᠴᠢᠯᠡᠭᠰᠡᠨ ᠤ ᠳᠠᠷᠠᠭ᠎ᠠ᠂ ᠥᠷᠭᠡᠨ ᠪᠠᠷᠢᠮᠵᠢᠶᠠᠲᠤ ᠲᠡᠮᠦᠷ ᠵᠠᠮ ᠤᠨ ᠲᠤᠰᠴᠤ ᠶᠠᠪᠤᠭᠤᠯᠬᠤ ᠴᠤᠪᠤᠭ᠎ᠠ ᠲᠡᠷᠭᠡ ᠶᠢᠨ ᠱᠤᠭᠤᠮ ᠢ 30 ᠵᠤᠷᠪᠤᠰ ᠪᠣᠯᠭᠠᠨ ᠨᠡᠮᠡᠭᠳᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠴᠤᠪᠤᠭ᠎ᠠ ᠲᠡᠷᠭᠡ ᠶᠢᠨ ᠥᠨᠳᠥᠷ ᠪᠦᠲᠦᠮᠵᠢᠲᠡᠶ ᠪᠠᠷ ᠠᠶᠠᠯᠠᠬᠤ ᠳᠤ ᠭᠦᠢᠴᠡᠳ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠬᠠᠩᠭᠠᠬᠤ ᠪᠣᠯᠣᠨ᠎ᠠ᠃     ᠣᠶᠢᠯᠠᠭᠠᠭᠰᠠᠨ ᠢᠶᠠᠷ᠂ ᠡᠷᠢᠶᠡᠨ ᠥᠷᠲᠡᠭᠡ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠣᠯ ᠵᠢᠨᠠᠨ ᠠᠴᠠ ᠡᠷᠢᠶᠡᠨ ᠲᠡᠮᠦᠷ ᠵᠠᠮ ᠤᠨ ᠪᠤᠩᠬᠤᠨ— ᠡᠷᠢᠶᠡᠨ ᠳᠤ ᠬᠦᠷᠬᠦ ᠬᠡᠰᠡᠭ ᠤᠨ ᠴᠢᠳᠠᠪᠤᠷᠢ ᠶᠢ ᠨᠥᠬᠦᠪᠦᠷᠢᠯᠡᠬᠦ ᠢᠨᠵᠧᠨᠧᠷᠢᠩ ᠤᠨ ᠵᠠᠩᠭᠢᠯᠠᠭ᠎ᠠ ᠶᠢᠨ ᠢᠨᠵᠧᠨᠧᠷᠢᠩ ᠤᠨ ᠨᠢᠭᠡ ᠪᠣᠯᠣᠨ᠎ᠠ᠂ ᠢᠷᠡᠭᠡᠳᠦᠢ ᠳᠤ ᠵᠢᠨᠠᠨ ᠠᠴᠠ ᠡᠷᠢᠶᠡᠨ ᠲᠡᠮᠦᠷ ᠵᠠᠮ ᠤᠨ ᠴᠢᠳᠠᠪᠤᠷᠢ ᠶᠢ ᠨᠥᠬᠦᠪᠦᠷᠢᠯᠡᠬᠦ ᠢᠨᠵᠧᠨᠧᠷᠢᠩ ᠢ ᠪᠦᠬᠦᠨ ᠢ ᠳᠠᠭᠤᠰᠬᠠᠭᠰᠠᠨ ᠤ ᠳᠠᠷᠠᠭ᠎ᠠ᠂ ︽ᠨᠢᠭᠡ ᠪᠦᠰᠡ ᠨᠢᠭᠡ ᠵᠠᠮ︾ ᠳᠤ ᠨᠠᠩ ᠰᠠᠶᠢᠲᠤᠷ ᠦᠢᠯᠡᠴᠢᠯᠡᠵᠦ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠷᠣᠨ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号