| ᠬᠦᠭᠵᠢᠯ ᠤᠨ ᠪᠡᠷᠬᠡᠰᠢᠶᠡᠯᠳᠡᠨ ᠢ ᠰᠠᠬᠢᠨ ᠬᠠᠮᠠᠭᠠᠯᠠᠵᠤ᠂ ᠲᠤᠰᠠᠯᠠᠬᠤ ᠠᠵᠢᠯᠲᠠᠳ ᠤᠨ ᠪᠡᠶ᠎ᠡ ᠰᠡᠳᠬᠢᠯ ᠤᠨ | ᠡᠷᠡᠭᠦᠯ ᠮᠡᠨᠳᠦ ᠶᠢ ᠬᠠᠮᠠᠭᠠᠯᠠᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠭᠡᠵᠦ᠂ | ᠨᠡᠶᠢᠭᠡᠮ ᠤᠨ ᠡᠯ᠎ᠡ ᠡᠲᠡᠭᠡᠳ ᠤᠨ ᠬᠦᠭᠵᠢᠯ ᠤᠨ ᠪᠡᠷᠬᠡᠰᠢᠶᠡᠯᠳᠡᠨ ᠤ ᠠᠵᠢᠯ ᠢ ᠬᠠᠯᠠᠮᠵᠢᠯᠠᠨ ᠠᠩᠬᠠᠷᠴᠤ᠂ ᠳᠡᠮᠵᠢᠬᠦ ᠶᠢ | ᠳᠠᠳᠠᠨ ᠳᠠᠶᠢᠴᠢᠯᠠᠬᠤ ᠶᠢᠨ ᠳᠣᠯᠠᠳᠠ᠂ 9 ᠰᠠᠷ᠎ᠠ ᠶᠢᠨ 21 ᠤ ᠡᠳᠦᠷ᠂ ᠬᠤᠲᠠ ᠶᠢᠨ ᠵᠡᠮᠳᠡᠭᠴᠦᠳ ᠤᠨ | ᠬᠤᠯᠪᠣᠭ᠎ᠠ ᠠᠴᠠ ᠬᠢᠲᠠᠳ ᠡᠮ ᠤᠮᠳᠠᠭᠠᠨ ᠢ ᠬᠠᠨᠳᠢᠪᠯᠠᠪᠠ᠃ | ᠬᠠᠨᠳᠢᠪᠯᠡᠨ ᠬᠦᠷᠭᠡᠬᠦ ᠶᠣᠰᠣᠯᠠᠯ ᠳᠡᠭᠡᠷ᠎ᠡ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ | ᠬᠠᠷᠢᠭᠤᠴᠠᠯᠭᠠᠲᠠᠨ ᠲᠣᠰ ᠲᠣᠰ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ᠂ ᠤᠯᠠᠭᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠤᠷᠪᠠᠨ | ᠡᠮᠴᠢᠯᠡᠭᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠲᠥᠯᠥᠪᠦᠷᠢ ᠦᠭᠡᠢ ᠪᠠᠷ ᠬᠠᠨᠳᠢᠪᠯᠡᠨ ᠬᠦᠷᠭᠡᠬᠦ ᠬᠡᠯᠡᠯᠴᠡᠭᠡᠷ | ᠲᠣᠭᠲᠠᠪᠠ᠃ ᠬᠡᠯᠡᠯᠴᠡᠭᠡᠷ ᠢ ᠦᠨᠳᠦᠰᠦᠯᠡᠪᠡᠯ᠂ ᠡᠨᠡ ᠭᠤᠷᠪᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠬᠠᠶᠢᠷ᠎ᠠ ᠬᠠᠯᠠᠮᠵᠢ ᠶᠢᠨ ᠬᠥᠭᠦᠷᠭᠡ ᠪᠠᠶᠢᠭᠤᠯᠵᠤ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢ ᠬᠠᠮᠵᠢᠨ | ᠬᠠᠨᠢᠶᠠᠳᠤ ᠶᠢ ᠲᠦᠷᠭᠡᠨ ᠵᠣᠭᠰᠤᠭᠠᠬᠤ ᠰᠢᠬᠢᠷᠲᠦ ᠡᠭᠡᠳᠡᠩ ᠢ ᠬᠡᠷᠡᠭᠴᠡᠭᠡ ᠪᠦᠬᠦᠢ ᠬᠦᠭᠵᠢᠯ ᠤᠨ ᠪᠡᠷᠬᠡᠰᠢᠶᠡᠯᠳᠡᠨ ᠪᠠ | ᠳᠡᠳᠡᠨ ᠤ ᠭᠡᠷ ᠪᠦᠯᠢ ᠵᠢᠴᠢ ᠵᠡᠮᠳᠡᠭᠴᠦᠳ ᠢ ᠲᠤᠰᠠᠯᠠᠬᠤ ᠠᠵᠢᠯᠲᠠᠳ ᠲᠤ ᠦᠨ᠎ᠡ ᠲᠥᠯᠥᠪᠦᠷᠢ ᠦᠭᠡᠢ ᠪᠠᠷ | ᠲᠦᠭᠡᠭᠡᠨ ᠥᠭᠬᠦ ᠪᠣᠯᠣᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨ ᠤ ᠬᠤᠲᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠵᠦ᠂ ᠪᠥᠬᠦ ᠬᠤᠲᠠ ᠶᠢᠨ ᠬᠦᠭᠵᠢᠯ ᠤᠨ | ᠪᠡᠷᠬᠡᠰᠢᠶᠡᠯᠳᠡᠨ ᠤ ᠦᠢᠯᠡᠰ ᠤᠨ ᠬᠥᠭᠵᠢᠯᠲᠡ ᠶᠢ ᠦᠨᠡᠨ ᠬᠦ ᠳᠡᠮᠵᠢᠬᠦ ᠶᠢᠨ ᠳᠣᠯᠠᠳᠠ᠂ ᠮᠠᠨ ᠤ ᠬᠤᠲᠠ ᠳᠤ 10 | ᠬᠠᠶᠢᠷᠴᠠᠭ 600 ᠯᠣᠩᠬᠤ ᠭᠦᠢᠵᠧᠦ ᠶᠢᠨ ᠪᠠᠢ ᠯᠢᠩ ᠬᠠᠨᠢᠶᠠᠳᠤ ᠶᠢ ᠲᠦᠷᠭᠡᠨ ᠵᠣᠭᠰᠤᠭᠠᠬᠤ ᠰᠢᠬᠢᠷᠲᠦ ᠡᠭᠡᠳᠡᠩ | ᠬᠠᠨᠳᠢᠪᠯᠡᠵᠤ᠂ ᠬᠡᠷᠡᠭᠴᠡᠭᠡ ᠲᠠᠢ ᠬᠦᠭᠵᠢᠯ ᠤᠨ ᠪᠡᠷᠬᠡᠰᠢᠶᠡᠯᠳᠡᠨ ᠢ ᠬᠠᠪᠰᠤᠷᠬᠤ ᠳᠤ ᠬᠡᠷᠡᠭᠯᠡᠪᠡ᠃ | |