| 9 ᠰᠠᠷ᠎ᠠ ᠶᠢᠨ 21 ᠤ ᠡᠳᠦᠷ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠡᠬᠦᠨ ᠨᠡᠶᠢᠭᠡᠮ | ᠲᠣᠭᠤᠷᠢᠭ᠂ ᠰᠢᠲᠠᠮᠠᠬᠠᠢ ᠬᠡᠢ ᠶᠢᠨ ᠺᠣᠮᠫᠠᠨᠢ ᠲᠠᠢ ᠬᠠᠮᠲᠤᠷᠠᠨ ᠭᠠᠯ ᠤᠨᠲᠠᠷᠠᠭᠠᠬᠤ ᠠᠮᠤᠷ ᠲᠦᠪᠰᠢᠨ ᠢ ᠨᠡᠶᠢᠭᠡᠮ | ᠲᠣᠭᠤᠷᠢᠭ ᠲᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ | ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠡᠨᠡᠳᠲᠡ ᠡᠭᠦᠰᠦᠭᠰᠡᠨ ᠭᠠᠯ ᠤᠨ | ᠠᠶᠤᠯ ᠢ ᠰᠢᠢᠳᠪᠦᠷᠢᠯᠡᠬᠦ ᠠᠷᠭ᠎ᠠ ᠶᠢ ᠰᠠᠭᠤᠭᠠᠯᠢ ᠠᠷᠠᠳ ᠲᠤ ᠥᠷᠭᠡᠨ ᠢᠶᠠᠷ ᠤᠬᠠᠭᠤᠯᠵᠤ᠂ ᠰᠢᠲᠠᠮᠠᠬᠠᠢ ᠬᠡᠢ ᠶᠢᠨ | ᠬᠤᠭᠤᠯᠠᠢ ᠭᠤᠭᠤᠵᠢᠵᠤ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠯᠡᠪᠡᠷᠡᠵᠦ ᠪᠠᠶᠢᠬᠤ ᠶᠢ ᠣᠯᠵᠤ ᠮᠡᠳᠡᠪᠡᠯ ᠬᠡᠷᠬᠢᠨ | ᠰᠢᠢᠳᠪᠦᠷᠢᠯᠡᠬᠦ ᠵᠡᠷᠭᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠮᠡᠳᠡᠯᠭᠡ ᠶᠢ ᠬᠡᠷᠬᠢᠨ ᠪᠠᠶᠢᠴᠠᠭᠠᠵᠤ᠂ ᠤᠯᠠᠨ | ᠲᠦᠮᠡᠨ ᠤ ᠡᠳᠦᠷ ᠲᠤᠳᠤᠮ ᠤᠨ ᠭᠠᠯ ᠤᠨ ᠠᠶᠤᠯ ᠢ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠂ ᠤᠯᠠᠨ | ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠳᠦᠷ ᠲᠤᠳᠤᠮ ᠤᠨ ᠠᠮᠢᠳᠤᠷᠠᠯ ᠤᠨ ᠳᠤᠮᠳᠠ ᠭᠠᠯ ᠬᠡᠷᠡᠭᠯᠡᠬᠦ | ᠴᠠᠬᠢᠯᠭᠠᠨ ᠬᠡᠷᠡᠭᠯᠡᠬᠦ ᠬᠡᠢ ᠶᠢᠨ ᠠᠶᠤᠯ ᠦᠭᠡᠢ ᠶᠢ ᠠᠩᠬᠠᠷᠤᠭᠤᠯᠵᠤ᠂ ︽ᠭᠤᠷᠪᠠ ᠶᠢ ᠴᠡᠪᠡᠷᠯᠡᠵᠦ ᠭᠤᠷᠪᠠᠨ ᠪᠣᠭᠤᠮᠲᠠ | ︾ ᠶᠢᠨ ᠭᠡᠷ ᠪᠦᠯᠢ ᠶᠢᠨ ᠭᠠᠯ ᠰᠡᠷᠭᠡᠶᠢᠯᠡᠬᠦ ᠴᠢᠬᠤᠯᠠ ᠳᠦᠷᠢᠮ ᠢ ᠴᠢᠩᠭ᠎ᠠ ᠰᠠᠬᠢᠭᠤᠯᠬᠤ ᠬᠡᠷᠡᠭᠲᠡᠢ᠃ | | ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠷᠭ᠎ᠠ ᠶᠢ ᠨᠡᠩ ᠰᠢᠭᠤᠳ ᠡᠵᠡᠮᠰᠢᠭᠦᠯᠬᠦ ᠶᠢᠨ ᠳᠣᠯᠠᠳᠠ᠂ ᠭᠠᠯ | ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠪᠠᠰᠠ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠤᠨ ᠠᠵᠢᠯᠯᠠᠬᠤ | ᠠᠷᠭ᠎ᠠ ᠶᠢ ᠲᠤᠬᠠᠢ ᠶᠢᠨ ᠲᠠᠯᠠᠪᠤᠷ ᠲᠤᠨᠢ ᠦᠵᠡᠭᠦᠯᠬᠦ ᠶᠢᠨ ᠬᠠᠮᠲᠤ ᠤᠯᠠᠨ ᠢ ᠵᠢᠯᠣᠭᠤᠳᠤᠨ ᠵᠥᠪ ᠣᠨᠣᠪᠴᠢᠲᠠᠶ ᠭᠠᠯ | ᠤᠨᠲᠠᠷᠠᠭᠠᠬᠤ ᠠᠵᠢᠯᠯᠠᠭ᠎ᠠ ᠬᠢᠯᠭᠡᠪᠡ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠣᠷᠣᠯᠴᠠᠵᠤ᠂ ᠭᠠᠯ | ᠤᠨᠲᠠᠷᠠᠭᠠᠭᠤᠷ ᠢ ᠬᠡᠷᠡᠭᠯᠡᠨ ᠭᠠᠯ ᠤᠨᠲᠠᠷᠠᠭᠠᠬᠤ ᠪᠣᠯᠪᠠᠰᠤᠷᠠᠯ ᠬᠢᠵᠦ᠂ ᠭᠠᠯ ᠤᠨᠲᠠᠷᠠᠭᠠᠬᠤ ᠤᠷ᠎ᠠ ᠮᠡᠷᠭᠡᠵᠢᠯ ᠪᠣᠯᠣᠨ | ᠠᠷᠭ᠎ᠠ ᠳᠡᠮ ᠢ ᠡᠵᠡᠮᠰᠢᠭᠰᠡᠨ ᠪᠠᠶᠢᠨ᠎ᠠ᠃ | ᠭᠠᠯ ᠤᠨ ᠭᠠᠮᠰᠢᠭ ᠢ ᠰᠡᠷᠭᠡᠶᠢᠯᠡᠬᠦ ᠳᠤ ᠬᠥᠮᠥᠨ ᠪᠣᠯᠭᠠᠨ ᠬᠠᠷᠢᠭᠤᠴᠠᠯᠭ᠎ᠠ ᠲᠠᠢ᠂ ᠬᠥᠮᠥᠨ ᠪᠣᠯᠭᠠᠨ ᠭᠠᠯ | ᠤᠨᠲᠠᠷᠠᠭᠠᠵᠤ᠂ ᠡᠷᠦᠬᠡ ᠪᠣᠯᠭᠠᠨ ᠠᠮᠤᠷ ᠲᠦᠪᠰᠢᠨ ᠪᠠᠶᠢᠬᠤ ᠶᠢ ᠭᠠᠯ ᠤᠨᠲᠠᠷᠠᠭᠠᠬᠤ ᠠᠵᠢᠯ ᠤᠨ ᠵᠢᠯᠣᠭᠤᠳᠤᠭᠴᠢ | ᠪᠠᠶᠢᠯᠳᠤᠭᠴᠢᠳ ᠣᠯᠠᠨ ᠳᠤ ᠰᠠᠨᠠᠭᠤᠯᠵᠤ ᠪᠠᠶᠢᠨ᠎ᠠ᠃ ᠬᠡᠷᠪᠡ ᠭᠠᠯ ᠤᠨ ᠠᠶᠤᠯ ᠲᠣᠬᠢᠶᠠᠯᠳᠤᠪᠠᠯ᠂ ᠥᠷᠭᠡᠨ ᠤᠯᠠᠨ | ᠰᠠᠭᠤᠭᠠᠯᠢ ᠠᠷᠠᠳ ᠠᠮᠢ ᠵᠢᠭᠤᠲᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠶᠢ ᠢᠳᠡᠪᠬᠢᠲᠡᠢ ᠪᠠᠷ | ᠥᠷᠨᠢᠭᠦᠯᠵᠦ᠂ ᠠᠮᠢ ᠵᠢᠭᠤᠲᠠᠬᠤ ᠳᠤ ᠪᠠᠨ ᠯᠠᠪᠳᠠᠭᠤᠨ ᠲᠣᠭᠲᠠᠭᠤᠨ ᠪᠠᠶᠢᠬᠤ ᠬᠡᠷᠡᠭᠲᠡᠢ᠂ ᠡᠳ᠋ ᠬᠤᠭᠰᠢᠯ ᠳᠤ | ᠰᠢᠨᠤᠵᠤ ᠶᠠᠭᠠᠬᠢᠭᠰᠠᠨ ᠴᠤ ᠪᠣᠯᠬᠤ ᠦᠭᠡᠢ᠂ ᠡᠳᠦᠷ ᠲᠤᠳᠤᠮ ᠤᠨ ᠠᠮᠢᠳᠤᠷᠠᠯ ᠤᠨ ᠳᠤᠮᠳᠠ ᠭᠠᠯ ᠤᠨ ᠠᠶᠤᠯ ᠢ | ᠰᠡᠷᠭᠡᠶᠢᠯᠡᠨ ᠬᠠᠮᠠᠭᠠᠯᠠᠵᠤ ᠠᠮᠢ ᠵᠢᠭᠤᠲᠠᠬᠤ ᠮᠡᠳᠡᠯᠭᠡ ᠶᠢ ᠬᠢᠨᠠᠮᠠᠭᠠᠢ ᠰᠤᠷᠤᠯᠴᠠᠵᠤ᠂ ᠠᠮᠢ ᠨᠠᠰᠤ ᠡᠷᠡᠭᠦᠯ ᠮᠡᠨᠳᠤ ᠶᠢᠨ | ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | | |