ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 18 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/26
    9 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠦ ᠪᠦᠦ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 18 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠦᠨ ᠱᠤᠤ ᠹᠠᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠤᠨ ᠭᠤᠣᠯ ᠳᠤᠭᠤᠶᠢᠯᠠᠩ ᠤᠨ 2022 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔ ᠰᠦᠨ ᠱᠤᠤ ᠹᠠᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠪᠠ᠃     ᠬᠤᠷᠠᠯ ᠠᠴᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠦᠷᠢᠯᠳᠦᠭᠦᠨ ᠨᠠᠷ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠣᠶᠢᠯᠠᠭᠠᠨ᠂ ᠣᠨᠣᠪᠴᠢᠲᠠᠶ ᠡᠵᠡᠮᠰᠢᠵᠦ᠂ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠡᠨ ᠬᠦ ᠠᠵᠢᠯ ᠤᠨ ᠰᠡᠳᠬᠢᠴᠡ ᠪᠣᠯᠭᠠᠨ ᠬᠤᠪᠢᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠭᠵᠢᠭᠤᠯᠵᠤ᠂ ᠪᠣᠳᠠᠲᠠᠢ ᠠᠵᠢᠯᠯᠠᠭ᠎ᠠ ᠪᠣᠯᠭᠠᠨ ᠪᠣᠳᠠᠲᠠᠶᠢᠵᠢᠭᠤᠯᠵᠤ᠂ ᠣᠳᠣᠬᠠᠨ ᠤ ᠪᠦᠬᠦ ᠬᠤᠳᠠ ᠶᠢᠨ ᠠᠵᠢᠯ ᠤᠨ ᠡᠭᠦᠷᠭᠡ ᠪᠠ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠣᠳᠠᠲᠠᠢ ᠠᠵᠢᠯᠯᠠᠨ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠬᠦᠷᠢᠶᠡᠨ ᠤ ᠠᠶᠤᠯ ᠲᠦᠭᠰᠢᠭᠦᠷᠢ ᠬᠡᠮ ᠰᠣᠭᠤᠭ ᠢ ᠦᠷᠭᠦᠯᠵᠢᠯᠡᠨ ᠰᠡᠷᠭᠡᠶᠢᠯᠡᠨ ᠠᠷᠢᠯᠭᠠᠵᠤ᠂ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠣᠯᠣᠨ ᠲᠦᠪᠰᠢᠨ ᠢᠶᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠠᠶᠤᠯ ᠲᠦᠭᠰᠢᠭᠦᠷᠢ ᠭᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ ᠢ ᠬᠠᠮᠠᠭᠠᠯᠠᠬᠤ ᠵᠡᠷᠭᠡ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠶᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃     ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠶᠢᠩ ᠵᠢᠶᠧ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠳ᠋ᠦᠩ ᠱᠧᠩ᠂ ᠵᠠᠩ ᠶᠦᠩ ᡁᠢ᠂ ᠢᠦᠢ ᠰᠢᠶᠠᠩ ᠹᠧᠢ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号