ᠯᠦ ᠪᠦᠦ ᠳ᠋ᠦᠩ ᠪᠦᠯᠬᠦᠮ ᠳᠠᠭᠠᠭᠤᠯᠤᠨ ᠵᠠᠮ ᠬᠠᠷᠢᠯᠴᠠᠭᠠᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/9/27
    9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠳᠤᠭᠤᠶᠢᠯᠠᠩ ᠳᠠᠭᠠᠭᠤᠯᠤᠨ ᠵᠠᠰᠠᠮᠠᠯ ᠵᠠᠮ ᠤᠨ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯᠲᠠᠳ ᠢ ᠳᠣᠲᠣᠨᠣ ᠪᠠᠷ ᠲᠣᠬᠤᠨᠢᠭᠤᠯᠪᠠ᠃ ᠬᠤᠲᠠ ᠶᠢᠨ ᠤᠳᠤᠷᠢᠳᠤᠯᠭ᠎ᠠ ᠤᠯᠠᠭᠠᠨ᠂ ᠰᠢᠯᠢᠨᠪᠠᠭᠠᠳᠣᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠯᠦ ᠪᠦᠦ ᠳ᠋ᠦᠩ ᠨᠠᠷ ᠰᠠᠶᠢᠬᠤᠰᠦ —  ᠡᠷᠢᠶᠡᠨᠨᠠᠭᠤᠷ ᠱᠤᠭᠤᠮ ᠤᠨ ᠵᠠᠮ ᠬᠠᠷᠢᠯᠴᠠᠭᠠᠨ ᠤ ᠪᠣᠭᠤᠮᠲᠠ᠂ 331 ᠤᠯᠤᠰ ᠤᠨ ᠵᠠᠮ ᠤᠨ ᠵᠡᠬᠦᠨ ᠳᠠᠯ᠎ᠠ ᠶᠢᠨ ᠪᠦᠬᠡᠮ ᠬᠦᠴᠢᠯ ᠤᠨ ᠪᠠᠶᠢᠴᠠᠭᠠᠯᠳᠠ ᠶᠢᠨ ᠴᠢᠭ᠂ 208 ᠤᠯᠤᠰ ᠤᠨ ᠵᠠᠮ ᠤᠨ ᠴᠠᠬᠢᠷᠭᠠᠳᠦ ᠪᠠᠶᠢᠴᠠᠭᠠᠬᠤ ᠥᠷᠲᠡᠭᠡ ᠳᠤ ᠬᠦᠷᠴᠦ᠂ ᠪᠣᠭᠤᠮᠲᠠ ᠥᠩᠭᠡᠷᠡᠬᠦ ᠲᠡᠷᠭᠡ ᠬᠥᠰᠬᠡ ᠶᠢᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ᠂ ᠠᠮᠤᠷ ᠲᠦᠪᠰᠢᠨ ᠤ ᠪᠠᠶᠢᠴᠠᠭᠠᠯᠲᠠ ᠶᠢᠨ ᠶᠠᠪᠤᠴᠠ᠂ ᠲᠥᠷᠥᠯ ᠬᠤᠪᠢᠶᠠᠭᠰᠠᠨ ᠨᠡᠪᠲᠡᠷᠡᠬᠦ ᠵᠠᠮ ᠤᠨ ᠪᠠᠶᠢᠷᠢᠯᠠᠭᠤᠯᠤᠯᠲᠠ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠭᠤᠮᠲᠠ ᠥᠩᠭᠡᠷᠡᠬᠦ ᠬᠥᠮᠥᠰ ᠤᠨ ᠲᠣᠬᠢᠷᠠᠭᠤᠯᠤᠯᠲᠠ᠂ ᠵᠢᠵᠢᠭᠦᠷᠯᠡᠨ ᠰᠠᠬᠢᠬᠤ᠂ ᠡᠳᠦᠷ ᠳᠤᠮᠳᠠᠴᠢ ᠶᠢᠨ ᠬᠤᠭᠤᠴᠠᠭ᠎ᠠ ᠵᠢᠴᠢ ᠣᠷᠭᠢᠯ ᠦᠶ᠎ᠡ ᠶᠢᠨ ᠲᠡᠷᠭᠡᠨ ᠤ ᠴᠤᠪᠤᠷᠠᠯᠲᠠ ᠶᠢᠨ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠬᠥᠮᠥᠰ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃     ᠯᠦ ᠪᠦᠦ ᠳ᠋ᠦᠩ  ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠤᠯᠤᠰ ᠤᠨ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ ᠬᠥᠮᠥᠨ ᠤ ᠲᠤᠭ᠎ᠠ ᠲᠡᠷᠭᠡ ᠬᠦᠰᠬᠡ ᠣᠯᠠᠰᠢᠷᠠᠵᠤ᠂ ᠵᠠᠰᠠᠮᠠᠯ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ  ᠨᠢ ᠮᠠᠨ ᠤ ᠬᠤᠳᠠ ᠳᠤ ᠣᠷᠣᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠵᠣᠬᠢᠰᠲᠠᠢ ᠬᠤᠪᠢᠶᠠᠷᠢᠯᠠᠵᠤ ᠂ ᠵᠢᠷᠤᠮᠵᠢᠯ ᠲᠠᠢ ᠪᠠᠶᠢᠷᠢᠯᠠᠭᠤᠯᠵᠤ᠂ ᠨᠣᠮᠧᠷ ᠰᠢᠷᠪᠢᠬᠦ᠂ ᠨᠣᠮᠧᠷ ᠰᠢᠯᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠡᠷᠭᠡ ᠪᠠ ᠬᠦᠮᠦᠨ ᠢ ᠵᠠᠪᠠᠯ ᠪᠠᠶᠢᠴᠠᠭᠠᠬᠤ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠪᠣᠷᠢᠯᠠᠪᠠ᠃
   ᠯᠦ ᠪᠦᠦ ᠳ᠋ᠦᠩ᠂ ᠪᠣᠭᠤᠮᠲᠠ ᠶᠢᠨ ᠬᠢᠵᠢᠭ ᠰᠡᠷᠭᠡᠶᠢᠯᠡᠬᠦ‍ ᠴᠢᠭ ᠢ ᠲᠣᠬᠢᠷᠠᠭᠤᠯᠬᠤ ᠳᠠᠭᠠᠨ ︽ᠳᠤᠯᠠᠭᠠᠨ ᠤ ᠬᠡᠮᠵᠢᠶ᠎ᠡ ᠪᠠ ᠡᠷᠴᠢᠮ︾ ᠢ ᠵᠡᠷᠭᠡᠪᠡᠷ ᠪᠠᠶᠢᠯᠭᠠᠵᠤ᠂ ᠣᠯᠠᠨ ᠲᠦᠮᠡᠨ ᠳᠤ ᠦᠢᠯᠡᠴᠢᠯᠡᠬᠦ ᠳᠤ ᠲᠥᠬᠦᠮ ᠦᠵᠡᠭᠦᠯᠬᠦ ᠪᠠᠷ ᠡᠬᠢᠯᠡᠯᠲᠡ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠦᠷᠭᠦᠯᠵᠢᠯᠡᠨ ᠪᠠᠬᠢᠵᠢᠭᠦᠯᠬᠦ ᠶᠢᠨ ᠬᠠᠮᠲᠤ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠶᠢ ᠬᠡᠮᠵᠢᠵᠦ᠂ ᠪᠠᠶᠢᠴᠠᠭᠠᠨ ᠰᠢᠯᠭᠠᠬᠤ ᠶᠠᠪᠤᠴᠠ ᠶᠢ ᠰᠢᠯᠢᠳᠡᠭᠵᠢᠭᠦᠯᠦᠨ᠂ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ᠬᠢᠵᠢᠭ ᠰᠡᠷᠭᠡᠶᠢᠯᠡᠬᠦ ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠦᠷᠦ ᠶᠢᠨ ᠪᠣᠳᠣᠯᠭ᠎ᠠ ᠶᠢᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠳᠤᠮᠳᠠ᠂ ᠦᠨᠳᠣᠷ ᠳᠡᠰ ᠤᠨ ᠳᠦᠭᠰᠢᠬᠦᠷᠢᠳᠠᠢ ᠭᠠᠵᠠᠷ ᠣᠷᠣᠨ ᠤ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠭᠠᠳᠠᠭᠠᠳᠤ ᠠᠴᠠ ᠣᠷᠣᠭᠤᠯᠬᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠰᠡᠷᠡᠮᠵᠢ ᠶᠢᠨ ᠫᠠᠶᠢᠰᠠ᠂ ᠰᠡᠷᠡᠮᠵᠢ ᠶᠢᠨ ᠱᠤᠭᠤᠮ ᠵᠡᠷᠭᠡ ᠶᠢ ᠵᠦᠢ ᠵᠣᠬᠢᠰᠲᠠᠢ ᠪᠠᠶᠢᠷᠢᠯᠠᠭᠤᠯᠵᠤ᠂  ᠪᠦᠭᠡᠮ ᠬᠦᠴᠢᠯ ᠤᠨ ᠪᠠᠶᠢᠴᠠᠭᠠᠯᠳᠠ ᠶᠢᠨ ᠴᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠨᠡᠪᠲᠡᠷᠡᠬᠦ ᠬᠥᠮᠥᠰ ᠤᠨ ᠪᠡᠶ᠎ᠡ ᠶᠢᠨ ᠦᠨᠡᠮᠯᠡᠯ ᠢ ᠰᠢᠷᠪᠢᠵᠦ ᠬᠠᠷᠭᠤᠭᠤᠯᠤᠨ ᠪᠠᠶᠢᠴᠠᠭᠠᠬᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
   ᠯᠦ ᠪᠦᠦ ᠳ᠋ᠦᠩ᠂ ᠨᠢᠭᠡᠳᠦᠭᠡᠷ ᠹᠷᠣᠨᠲ ᠤᠨ ᠵᠢᠵᠢᠭᠦᠷᠯᠡᠨ ᠰᠠᠬᠢᠭᠴᠢᠳ ᠢ ᠬᠠᠯᠠᠮᠵᠢᠯᠠᠨ ᠬᠠᠶᠢᠷᠠᠯᠠᠵᠤ᠂ ᠵᠢᠵᠢᠭᠦᠷᠯᠡᠨ ᠰᠠᠬᠢᠭᠴᠢᠳ ᠤᠨ ᠠᠮᠤᠷ ᠲᠦᠪᠰᠢᠨ ᠤ ᠬᠠᠮᠠᠭᠠᠯᠠᠯᠲᠠ ᠪᠣᠯᠣᠨ ᠡᠳ᠋ ᠪᠣᠳᠠᠰ ᠤᠨ ᠪᠠᠲᠤᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠵᠢᠭᠦᠷᠯᠡᠬᠦ ᠴᠠᠭ ᠢ ᠵᠣᠬᠢᠰᠲᠠᠢ ᠲᠣᠬᠢᠷᠠᠭᠤᠯᠵᠤ᠂ ᠵᠢᠵᠢᠭᠦᠷᠯᠡᠨ ᠰᠠᠬᠢᠭᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠪᠣᠭᠤᠮᠲᠠ ᠶᠢᠨ ᠵᠢᠵᠢᠭᠦᠷᠯᠡᠨ ᠰᠠᠬᠢᠭᠴᠢ ᠬᠢᠵᠢᠭ ᠢ ᠰᠡᠷᠭᠡᠶᠢᠯᠡᠬᠦ ᠰᠠᠭᠤᠷᠢ ᠪᠠᠶᠢᠴᠠᠭᠠᠯᠲᠠ ᠶᠢ ᠬᠤᠳᠠ ᠪᠠᠷ ᠣᠷᠣᠵᠤ ᠭᠠᠷᠬᠤ ᠠᠮᠤᠷ ᠲᠦᠪᠰᠢᠨ ᠤ ᠪᠠᠶᠢᠴᠠᠭᠠᠯᠲᠠ ᠲᠠᠢ ᠤᠶᠠᠯᠳᠤᠭᠤᠯᠵᠤ᠂ ᠰᠢᠲᠠᠮᠠᠲᠠᠬᠠᠢ ᠳᠡᠯᠪᠡᠷᠡᠮᠡᠲᠡᠭᠡᠢ ᠠᠶᠤᠯᠲᠤ ᠪᠣᠳᠠᠰ ᠢ ᠠᠪᠴᠤ ᠶᠠᠪᠤᠬᠤ ᠪᠠ ᠬᠢᠵᠢᠭ ᠢ ᠰᠡᠷᠭᠡᠶᠢᠯᠡᠬᠦ ᠪᠣᠭᠤᠮᠲᠠ ᠶᠢ ᠬᠤᠯᠠᠭᠤᠨ ᠲᠣᠭᠤᠷᠢᠵᠤ ᠭᠠᠷᠬᠤ ᠵᠡᠷᠭᠡ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠵᠦ᠂ ᠬᠢᠵᠢᠭ ᠢ ᠰᠡᠷᠭᠡᠶᠢᠯᠡᠬᠦ ᠮᠥᠷᠲᠡᠭᠡᠨ ᠠᠮᠤᠷ ᠢ ᠬᠠᠮᠠᠭᠠᠯᠠᠬᠤ᠂ ᠴᠢᠩᠭ᠎ᠠ ᠮᠥᠷᠲᠡᠭᠡᠨ ᠴᠢᠩᠭ᠎ᠠ᠂ ᠨᠠᠷᠢᠯᠢᠭ ᠮᠥᠷᠲᠡᠭᠡᠨ ᠨᠠᠷᠢᠯᠢᠭ ᠪᠠᠶᠢᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号