ᠮᠠᠨ ᠤ ᠬᠤᠳᠠ ᠶᠢᠨ ᠬᠢᠨ ᠬᠢᠵᠢᠭ ᠢ ᠡᠰᠡᠷᠭᠦᠴᠡᠬᠦ ᠡᠮᠴᠢ ᠰᠤᠪᠢᠯᠠᠭᠴᠢᠳ ᠢ ᠦᠳᠡᠨ ᠮᠣᠷᠳᠠᠭᠤᠯᠵᠠᠢ︕
ᠨᠡᠶᠢᠲᠡᠯᠡᠭᠰᠡᠨ ᠴᠠᠭ᠄
2022/9/27
      9 ᠰᠠᠷ᠎ᠠ ᠶᠢᠨ 26 ᠤ ᠡᠳᠦᠷ᠂ ᠮᠠᠨ ᠤ ᠬᠤᠲᠠ ᠬᠢᠵᠢᠭ ᠢ ᠡᠰᠡᠷᠭᠦᠴᠡᠬᠦ ᠠᠵᠢᠯᠯᠠᠭ᠎ᠠ ᠳᠤ ᠲᠤᠰᠠᠯᠠᠬᠤ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠦᠳᠡᠨ ᠮᠣᠷᠳᠠᠭᠤᠯᠬᠤ ᠶᠣᠰᠣᠯᠠᠯ ᠡᠷᠭᠢᠯᠡᠵᠦ᠂ ᠮᠣᠩᠭᠤᠯ ᠡᠮᠨᠡᠯᠭᠡ ᠶᠢᠨ ᠬᠤᠷᠢᠶ᠎ᠠ ᠶᠢᠨ 52 ᠡᠮᠴᠢ ᠰᠤᠪᠢᠯᠠᠭᠴᠢ ᠶᠢ ᠮᠣᠷᠳᠠᠭᠤᠯᠵᠠᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠶᠠᠩ ᠲᠢᠶ᠋ᠧ ᠶᠢᠨ ᠦᠳᠡᠨ ᠮᠣᠷᠳᠠᠭᠤᠯᠬᠤ ᠶᠣᠰᠣᠯᠠᠯ ᠳᠤ ᠣᠷᠣᠯᠴᠠᠪᠠ᠃
     ᠶᠣᠰᠣᠯᠠᠯ ᠳᠡᠭᠡᠷ᠎ᠡ᠂ ᠯᠢᠶᠠᠩ ᠲᠢᠶᠧ ᠶᠢᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠳᠦᠯᠦᠭᠡᠯᠡᠨ᠂ ᠮᠠᠨ ᠤ ᠬᠤᠳᠠ ᠶᠢ ᠲᠤᠰᠠᠯᠠᠬᠤ ᠪᠠᠷ ᠢᠷᠡᠭᠰᠡᠨ ᠡᠮᠴᠢ ᠰᠤᠪᠢᠯᠠᠭᠴᠢᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ ᠬᠡᠯᠡᠭᠰᠡᠨ ᠨᠢ᠂ ᠮᠠᠨ ᠤ ᠬᠤᠲᠠ ᠶᠢᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ   ᠶᠢᠨ ᠦᠶ᠎ᠡ ᠳᠤ ᠡᠮᠴᠢ ᠰᠤᠪᠢᠯᠠᠭᠴᠢᠳ ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠰᠥᠷᠭᠡᠦ ᠠᠶᠠᠨ ᠳᠠᠶᠢᠨ ᠳᠤ ᠮᠣᠷᠳᠠᠵᠤ᠂ ᠡᠷᠬᠢᠮ ᠳᠡᠭᠡᠳᠦ ᠡᠮᠴᠢ   ᠶᠢᠨ ᠮᠣᠷᠠᠯ ᠪᠣᠯᠣᠨ ᠰᠢᠯᠭᠠᠷᠠᠭᠰᠠᠨ ᠰᠤᠷᠲᠠᠯ ᠢᠶᠠᠷ ᠢᠶᠠᠨ ᠡᠮ ᠡᠮᠨᠡᠯᠭᠡ   ᠶᠢᠨ ᠲᠤᠰᠠᠯᠠᠮᠵᠢ   ᠶᠢᠨ ᠡᠭᠦᠷᠭᠡ ᠪᠠᠨ ᠭᠠᠷᠮᠠᠭᠠᠢ ᠪᠡᠶᠡᠯᠡᠭᠦᠯᠵᠦ᠂ ᠮᠠᠨ ᠤ ᠬᠤᠲᠠ ᠳᠤ ᠬᠢᠵᠢᠭ ᠤᠨ ᠪᠠᠶᠢᠳᠠᠯ   ᠢ ᠦᠳᠲᠡᠷ ᠲᠦᠷᠭᠡᠨ ᠢᠯᠠᠨ ᠳᠠᠪᠠᠭ᠋ᠤ ᠢᠲᠡᠭᠡᠯ ᠵᠣᠷᠢᠭ   ᠢ ᠨᠡᠮᠡᠭᠳᠡᠭᠦᠯᠦᠭᠰᠡᠨ ᠢ ᠪᠣᠭᠤᠮᠲᠠ   ᠶᠢᠨ ᠠᠷᠠᠳ ᠲᠦᠮᠡᠨ ᠭᠡᠵᠢᠶᠡᠳᠠ ᠮᠠᠷᠳᠠᠬᠤ ᠦᠭᠡᠢ ᠭᠡᠪᠡ᠃
    ᠬᠢᠵᠢᠭ   ᠢ ᠡᠵᠡᠮᠳᠡᠬᠦ ᠬᠤᠭᠤᠴᠠᠭᠠᠨ ᠳᠤ᠂ ᠲᠤᠰ ᠲᠦᠷᠭᠡᠨ ᠲᠤᠰᠠᠯᠠᠬᠤ ᠡᠮᠴᠢᠯᠡᠭᠡᠨ ᠤ ᠠᠩᠭᠢ   ᠶᠢᠨ ᠭᠡᠰᠢᠭᠦᠳ ᠴᠥᠮ ᠮᠠᠨ ᠤ ᠬᠤᠲᠠ   ᠶᠢᠨ ᠹᠠᠩ ᠼᠠᠩ ᠡᠮᠨᠡᠯᠭᠡ   ᠶᠢᠨ ᠬᠤᠷᠢᠶᠠᠨ ᠤ ᠡᠪᠡᠳᠴᠢᠲᠡᠨ   ᠢ ᠠᠪᠤᠷᠠᠨ ᠵᠠᠰᠠᠬᠤ ᠠᠵᠢᠯ ᠳᠤ ᠣᠷᠣᠯᠴᠠᠭᠰᠠᠨ ᠪᠠᠶᠢᠨ᠎ᠠ᠃ ᠲᠡᠳᠡ ᠡᠳᠦᠷ ᠰᠥᠨᠢ ᠦᠭᠡᠢ ᠡᠷᠡᠯᠬᠡᠭᠯᠡᠨ ᠪᠠᠶᠢᠯᠳᠤᠵᠤ᠂ ᠴᠠᠭ ᠮᠥᠴᠡ ᠲᠠᠢ ᠤᠷᠤᠯᠳᠤᠨ᠂ ᠡᠪᠡᠳᠴᠢᠨ ᠡᠮᠭᠡᠭ ᠲᠠᠢ ᠦᠵᠡᠯᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠪᠣᠭᠤᠮᠲᠠ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠵᠠᠢ᠃
     ᠶᠣᠰᠣᠯᠠᠯ ᠳᠠᠭᠤᠰᠤᠭᠰᠠᠨ ᠤ ᠲᠠᠷᠠᠭ᠎ᠠ᠂ ᠴᠠᠭᠳᠠᠭᠠᠨ ᠤ ᠲᠡᠷᠭᠡᠨ ᠤ ᠬᠠᠮᠠᠭᠠᠯᠠᠯ ᠳᠣᠣᠷ᠎ᠠ᠂ ᠡᠮᠨᠡᠯᠭᠡ ᠶᠢᠨ ᠠᠵᠢᠯᠲᠠᠳ ᠢ ᠲᠡᠭᠡᠭᠡᠭᠰᠡᠨ ᠠᠶᠠᠨᠴᠢᠳ ᠤᠨ ᠮᠠᠰᠢᠨ ᠲᠡᠷᠭᠡ ᠠᠯᠭᠤᠷᠬᠠᠨ ᠢᠶᠠᠷ ᠮᠣᠷᠳᠠᠵᠤ᠂ ᠪᠣᠭᠤᠮᠲᠠ ᠶᠢᠨ ᠠᠷᠠᠳ ᠲᠦᠮᠡᠨ ᠤ ᠰᠠᠶᠢᠨ ᠰᠠᠶᠢᠬᠠᠨ ᠵᠥᠩᠨᠡᠯ ᠵᠢᠴᠢ ᠲᠠᠯᠠᠷᠬᠠᠯ ᠤᠨ ᠰᠡᠳᠬᠢᠯᠭᠡ ᠶᠢ ᠡᠪᠦᠷᠯᠡᠨ ᠪᠤᠴᠠᠬᠤ ᠠᠶᠠᠨ ᠳᠠᠭᠠᠨ ᠮᠣᠷᠳᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号