| ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ | ᠰᠠᠶᠢᠲᠤᠷ ᠬᠢᠬᠦ ᠶᠢᠨ ᠳᠣᠯᠠᠳᠠ᠂ 9 ᠰᠠᠷ᠎ᠠ ᠶᠢᠨ 26 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠩ ᠪᠦᠯᠬᠦᠮ ᠳᠠᠭᠠᠭᠤᠯᠤᠨ ︽ᠭᠠᠴᠠᠭ᠎ᠠ | ᠲᠣᠰᠬᠤᠨ ᠨᠡᠶᠢᠭᠡᠮ ᠲᠣᠭᠤᠷᠢᠭ ᠲᠤ ᠬᠦᠷᠴᠦ ᠠᠵᠤ ᠠᠬᠤᠶᠢᠯᠠᠯ ᠢᠶᠠᠷ ᠶᠠᠪᠤᠵᠤ ᠣᠯᠠᠨ ᠲᠦᠮᠡᠨ ᠢ ᠰᠤᠷᠪᠤᠯᠵᠢᠯᠠᠬᠤ︾ | ᠶᠡᠭᠡ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠸᠠᠩ ᠵᠢᠩ ᠨᠠᠷ ᠭᠦᠸᠧ ᠬᠤᠤ ᠵᠣᠴᠢᠳ ᠤᠨ ᠪᠠᠭᠤᠳᠠᠯ ᠤᠨ ᠲᠦᠷᠦᠯ ᠵᠦᠢᠯ ᠤᠨ | ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠱᠧᠩ ᠰᠢᠨ ᠭᠡᠷ ᠣᠷᠣᠨ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ | ᠪᠠᠢ ᠬᠤᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠬᠦᠷᠴᠦ ᠰᠤᠷᠪᠤᠯᠵᠢᠯᠠᠭᠰᠠᠨ ᠤ | ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠵᠤ | ᠠᠬᠤᠶᠢᠯᠠᠯ ᠤᠨ ᠪᠡᠯᠡ ᠬᠤᠷᠠᠮᠳᠤᠭᠤᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠢᠨ᠎ᠡ ᠶᠢ ᠡᠭᠦᠳᠦᠨ | ᠬᠥᠭᠵᠢᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ᠂ ᠸᠠᠩ ᠵᠢᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠤᠳᠠ ᠶᠢᠨ | ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠤᠯᠠᠮᠵᠢᠯᠠᠪᠠ᠃ ᠲᠡᠷᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠵᠥᠪᠯᠡᠯ ᠤᠨ ᠬᠢᠨ ᠠᠵᠤ ᠠᠬᠤᠶᠢᠯᠠᠯ ᠯᠤᠭ᠎ᠠ ᠶᠢᠨ | ᠣᠯᠣᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠪᠠᠶᠢᠩᠭᠤᠵᠢᠭᠰᠠᠨ ᠣᠯᠣᠯᠴᠠᠭ᠎ᠠ ᠬᠠᠷᠢᠯᠴᠠᠬᠤ | ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠵᠠᠭᠪᠤᠷ ᠢᠶᠠᠨ ᠴᠢᠨᠠᠭᠰᠢᠳᠠ ᠰᠢᠯᠢᠳᠡᠭᠵᠢᠭᠦᠯᠵᠦ᠂ ᠦᠢᠯᠡᠴᠢᠯᠡᠭᠡᠨ ᠤ | ᠠᠷᠭ᠎ᠠ ᠬᠡᠯᠪᠡᠷᠢ ᠪᠠᠨ ᠴᠢᠷᠮᠠᠶᠢᠨ ᠬᠤᠪᠢᠷᠠᠭᠤᠯᠵᠤ᠂ ᠠᠵᠤ ᠠᠬᠤᠶᠢᠯᠠᠯ ᠢ ᠪᠠᠴᠢᠮ ᠪᠠᠶᠢᠳᠠᠯ ᠠᠴᠠ ᠠᠰᠠᠭᠤᠵᠤ᠂ ᠠᠵᠤ | ᠠᠬᠤᠶᠢᠯᠠᠯ ᠢ ᠬᠡᠷᠡᠭᠴᠡᠭᠡ ᠠᠴᠠ ᠠᠰᠠᠭᠤᠵᠤ᠂ ᠪᠣᠭᠤᠮᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠴᠢᠨᠠᠭᠰᠢᠳᠠ | ᠰᠢᠯᠢᠳᠡᠭᠵᠢᠭᠦᠯᠵᠦ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠨ ᠲᠣᠰ ᠪᠡᠶ᠎ᠡ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠣᠶ ᠪᠣᠯᠭᠠᠵᠤ᠂ ᠬᠥᠭᠵᠢᠯᠲᠡ ᠶᠢᠨ ᠵᠠᠭᠪᠤᠷ ᠢᠶᠠᠨ ᠭᠦᠨᠵᠡᠭᠡᠶᠢᠷᠡᠭᠦᠯᠦᠨ ᠰᠢᠯᠢᠳᠡᠭᠵᠢᠭᠦᠯᠵᠦ᠂ ᠴᠢᠷᠮᠠᠶᠢᠨ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠭᠤᠭᠴᠤᠭ᠎ᠠ ᠶᠢ ᠴᠠᠭ ᠢᠮᠠᠭᠲᠠ | ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠡᠷᠡᠰ ᠠᠷᠢᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ | ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ | ᠡᠴᠦᠰ ᠲᠤᠨᠢ ᠲᠤᠯᠲᠠᠯ᠎ᠠ ᠪᠣᠯᠭᠤᠮᠵᠢᠲᠠᠢ ᠪᠠᠶᠢᠭᠤᠯᠬᠤ ᠬᠡᠷᠡᠭᠲᠡᠢ᠃ | ᠠᠵᠢᠯᠯᠠᠭ᠎ᠠ ᠳᠤᠮᠳᠠ᠂ ᠸᠠᠩ ᠵᠢᠩ ᠪᠠᠰᠠ ᠨᠡᠶᠢᠭᠡᠮ ᠲᠣᠭᠤᠷᠢᠭ᠂ ᠳᠠᠭᠠᠭᠠᠴᠢᠯᠠᠨ ᠬᠠᠷᠢᠭᠤᠴᠠᠭᠰᠠᠨ | ᠵᠡᠭᠡᠯᠢ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠲᠡᠷᠡ᠂ ᠨᠡᠶᠢᠭᠡᠮ ᠲᠣᠭᠤᠷᠢᠭ ᠤᠨ ᠬᠢᠨ | ᠭᠤᠣᠯᠳᠠᠯᠭ᠎ᠠ ᠲᠠᠢ ᠬᠥᠮᠥᠰ ᠤᠨ ︽ᠨᠢᠭᠡ ᠬᠥᠮᠥᠨ ᠳᠤ ᠨᠢᠭᠡ ᠪᠣᠳᠣᠯᠭ᠎ᠠ ᠨᠢᠭᠡ ᠲᠤᠰᠬᠠᠢ ᠠᠩᠭᠢ︾ ᠶᠢᠨ ᠠᠵᠢᠯ ᠤᠨ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠨᠳᠤᠰᠢ ᠶᠢ ᠴᠠᠭ ᠲᠤᠬᠠᠢ ᠳᠤᠨᠢ ᠡᠵᠡᠮᠳᠡᠵᠦ᠂ | ᠬᠠᠷᠢᠭᠤᠴᠠᠯᠭ᠎ᠠ ᠶᠢᠨ ᠨᠠᠷᠢᠨ ᠳᠠᠩᠰᠠ ᠪᠣᠯᠣᠨ ᠰᠤᠷᠪᠤᠯᠵᠢᠯᠠᠬᠤ ᠡᠬᠡ ᠳᠠᠩᠰᠠ ᠶᠢ ᠪᠠᠶᠢᠭᠤᠯᠵᠤ᠂ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠬᠥᠮᠥᠨ ᠳᠠᠷᠠᠭᠠᠯᠠᠨ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠬᠢᠵᠠᠭᠠᠷᠯᠠᠯ ᠢᠶᠠᠨ | ᠠᠯᠳᠠᠬᠤ ᠶᠢ ᠴᠢᠩᠭ᠎ᠠ ᠰᠡᠷᠭᠡᠶᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃ |