ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/9/29
      9 ᠰᠠᠷ᠎ᠠ ᠶᠢᠨ 28 ᠤ ᠡᠳᠦᠷ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠬᠤᠷᠠᠯᠳᠤᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠰᠣ᠋ ᠬᠤᠸᠠ᠂ ᠳ᠋ᠦᠩ ᠵᠢᠶᠧ ᠹᠧᠩ᠂ ᠸᠠᠩ ᠵᠢᠩ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠷᠠᠯ ᠳᠤ ᠰᠤᠯᠠ ᠣᠷᠣᠯᠴᠠᠪᠠ᠃
         ᠬᠤᠷᠠᠯ ᠳᠤ ᠣᠷᠤᠯᠴᠠᠬᠤ ᠶᠣᠰᠣᠲᠠᠢ ᠬᠥᠮᠥᠨ 34᠂ ᠪᠣᠳᠠᠲᠠᠢ ᠣᠷᠣᠯᠴᠠᠭᠰᠠᠨ ᠬᠥᠮᠥᠨ 27 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃
       ᠬᠤᠷᠠᠯ ᠠᠴᠠ ᠬᠤᠳᠠ ᠶᠢᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ 2022 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ 2021 ᠣᠨ ᠤ ᠲᠤᠰ ᠱᠠᠲᠤᠨ ᠤ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ᠂ 2021 ᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ︵ᠲᠥᠰᠥᠯ ︶ ᠤᠨ ᠲᠤᠬᠠᠢ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠬᠤᠳᠠ ᠶᠢᠨ ᠵᠠᠰᠠᠭ ᠤᠨ ᠣᠷᠳᠣᠨ ᠤ 2022 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠪᠢᠴᠢᠭ ᠢᠶᠠᠷ ᠬᠢᠨᠠᠨ‌ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ︽ᠬᠤᠲᠠ ᠶᠢᠨ ᠵᠠᠰᠠᠭ ᠤᠨ ᠣᠷᠳᠣᠨ ᠤ 2021 ᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ︵ᠲᠥᠰᠥᠯ︶ ᠪᠠ 2022 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︾᠂ ᠬᠤᠲᠠ ᠶᠢᠨ ᠵᠠᠰᠠᠭ ᠤᠨ ᠣᠷᠳᠣᠨ ᠤ ︽ᠡᠷᠢᠶᠡᠨ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃       ᠬᠤᠷᠠᠯ ᠠᠴᠠ ︽2021 ᠣᠨ ᠤ ᠡᠷᠢᠶᠡᠨ ᠬᠤᠳᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠵᠥᠪᠰᠢᠶᠡᠷᠡᠬᠦ ᠲᠤᠬᠠᠢ ᠰᠢᠢᠳᠪᠦᠷᠢ︾ ᠪᠣᠯᠣᠨ ︽ᠡᠷᠢᠶᠡᠨ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠲᠠᠪᠤᠨ ᠵᠢᠯ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠰᠢᠢᠳᠪᠦᠷᠢ︾ ᠶᠢ ᠪᠠᠲᠤᠯᠠᠵᠠᠢ᠃ᠶᠠᠨ ᠬᠤᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠨᠳᠦᠰᠦᠨ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠵᠠᠷᠤᠯᠭ᠎ᠠ ᠶᠢᠨ ᠡᠳ᠋ ᠤᠨ ᠬᠦᠴᠦᠨ ᠤ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠥᠰᠥᠪ ᠤᠨ ᠬᠢᠵᠠᠭᠠᠷᠯᠠᠯ ᠪᠠ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠦᠢᠯᠡᠳᠦᠯ ᠢ ᠴᠢᠩᠭᠠᠳᠬᠠᠵᠤ᠂ ᠲᠥᠰᠥᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰ ᠵᠢᠯ ᠤᠨ ᠡᠳ᠋ ᠤᠨ ᠵᠠᠰᠠᠭ ᠤᠨ ᠲᠥᠰᠥᠪ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷᠭᠦᠯᠵᠢᠯᠡᠨ ᠤᠨᠢᠨ ᠳᠡᠭᠡᠷ᠎ᠡ ᠨᠢ ᠬᠦᠴᠦᠯᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠳᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠬᠢᠨᠠᠨ ᠵᠥᠪᠯᠡᠭᠰᠡᠨ ᠰᠠᠨᠠᠯ ᠤᠨ ᠶᠣᠰᠣᠭᠠᠷ᠂ ︽ᠡᠷᠢᠶᠡᠨ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠱᠠᠯᠠᠪᠳᠠᠨ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠨᠠᠷ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠨᠢᠭᠲᠠ ᠠᠩᠬᠠᠷᠴᠤ᠂ ᠲᠦᠷᠦᠭᠦᠯᠡᠨ ᠬᠠᠤᠯᠢ ᠶᠢ ᠰᠤᠷᠴᠤ ᠬᠠᠤᠯᠢ ᠶᠢ ᠬᠡᠷᠡᠭᠯᠡᠨ᠂ ᠮᠠᠨ ᠤ ᠬᠤᠲᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃          ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠭᠡᠰᠢᠭᠦᠨ᠂ ᠬᠠᠤᠯᠢ ᠳᠦᠷᠢᠮ ᠤᠨ ᠵᠦᠪᠯᠡᠯ ᠤᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠪᠣᠰᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠦᠪᠯᠡᠯ ᠤᠨ ᠡᠷᠬᠢᠯᠡᠭᠴᠢ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠭᠡᠰᠡᠭ ᠠᠷᠠᠳ  ᠤᠨ ᠳᠦᠯᠦᠭᠡᠯᠡᠭᠴᠢᠳ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号