︽ᠣᠯᠠᠨ ᠢᠶᠠᠷ ᠢᠶᠠᠨ ᠰᠡᠳᠬᠢᠯ ᠨᠢᠭᠡᠳᠴᠦ ᠬᠢᠵᠢᠭ ᠤᠨ ᠪᠠᠶᠢᠳᠠᠯ  ᠢ ᠡᠰᠡᠷᠭᠦᠴᠡᠶ᠎ᠡ︾  ᡽ᠮᠠᠨ ᠤ ᠬᠤᠲᠠ ᠳᠤ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠡ ᠪᠠᠶᠢᠬᠤ ᠦᠭᠡᠢ᠂ ᠣᠳᠣᠬᠠᠨ ᠳᠤ ᠳᠤᠮᠳᠠ ᠂ ᠦᠨᠳᠣᠷ ᠳᠡᠰ ᠤᠨ ᠠᠶᠤᠯ  ᠳᠦᠭᠰᠢᠬᠦᠷᠢᠳᠦ ᠣᠷᠣᠨ ᠲᠤᠰ ᠪᠦᠷᠢ 3 ᠪᠠᠶᠢᠨ᠎ᠠ
ᠨᠡᠶᠢᠲᠡᠯᠡᠭᠰᠡᠨ ᠴᠠᠭ᠄
2022/9/5
    9 ᠰᠠᠷ᠎ᠠ ᠶᠢᠨ 4 ᠤ ᠡᠳᠦᠷ᠂ ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ 39 ᠳ᠋ᠣᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠪᠡ᠃
   ᠮᠡᠳᠡᠭᠳᠡᠯ ᠢ ᠦᠨᠳᠦᠰᠦᠯᠡᠪᠡᠯ᠂ 9 ᠰᠠᠷ᠎ᠠ ᠶᠢᠨ 3 ᠤ ᠡᠳᠦᠷ ᠤᠨ 0 ︱ 24 ᠴᠠᠭ ᠲᠤ᠂ ᠪᠥᠬᠦ ᠬᠤᠲᠠ ᠶᠢᠨ ᠮᠡᠳᠡᠭᠦᠯᠦᠯᠲᠡ ᠳᠤ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠨ ᠬᠥᠮᠥᠨ ᠰᠢᠨ᠎ᠡ ᠪᠠᠷ ᠨᠡᠮᠡᠭᠳᠡᠭᠰᠡᠨ ᠦᠭᠡᠢ᠃ 9 ᠰᠠᠷ᠎ᠠ ᠶᠢᠨ 3 ᠤ ᠡᠳᠦᠷ ᠤᠨ 24 ᠴᠠᠭ ᠪᠣᠯᠲᠠᠯ᠎ᠠ᠂ ᠮᠠᠨ ᠤ ᠬᠤᠲᠠ ᠳᠤ ᠣᠲᠣ ᠲᠣᠰ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 21 ᠪᠠᠶᠢᠵᠤ᠂ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ 40 ᠪᠠᠶᠢᠵᠤ᠂ ᠴᠥᠮ ᠳᠣᠭᠳᠠᠭᠰᠠᠨ ᠳᠣᠰᠬᠠᠢ ᠡᠮᠨᠡᠯᠭᠡ ᠶᠢᠨ ᠬᠤᠷᠢᠶ᠎ᠠ ᠪᠠ ᠹᠠᠩ ᠼᠠᠩ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠦ ᠪᠠᠶᠢᠨ᠎ᠠ᠃     9 ᠰᠠᠷ᠎ᠠ ᠶᠢᠨ 4 ᠤ ᠡᠳᠦᠷ ᠤᠨ 12 ᠴᠠᠭ ᠪᠣᠯᠲᠠᠯ᠎ᠠ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠳᠤ ᠨᠡᠶᠢᠲᠡ 1282 ᠬᠥᠮᠥᠨ ᠢ ᠳᠠᠷᠠᠭᠠᠯᠠᠨ ᠪᠠᠶᠢᠴᠠᠭᠠᠵᠤ᠂ 1781 ᠬᠥᠮᠥᠨ ᠲᠠᠢ ᠤᠳᠠᠭ᠎ᠠ ᠳᠠᠷᠠᠭᠠᠯᠠᠨ ᠨᠢᠭᠲᠠ ᠣᠶᠢᠷᠠᠲᠤᠭᠰᠠᠨ ᠪᠠᠶᠢᠨ᠎ᠠ᠃ ᠲᠥᠪᠯᠡᠷᠡᠭᠦᠯᠦᠨ ᠳᠣᠰᠭᠠᠷᠯᠠᠬᠤ ᠠᠵᠢᠭᠯᠠᠯᠲᠠ ᠠᠴᠠ ᠨᠡᠶᠢᠲᠡ 611 ᠬᠥᠮᠥᠨ ᠭᠠᠷᠴᠦ᠂ ᠭᠡᠷ ᠲᠡᠭᠡᠨ ᠳᠣᠰᠭᠠᠷᠯᠠᠨ ᠠᠵᠢᠭᠯᠠᠯᠲᠠ ᠠᠴᠠ ᠨᠡᠶᠢᠲᠡ 664 ᠬᠥᠮᠥᠨ ᠭᠠᠷᠪᠠ᠃      ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠨᠢᠭᠤᠷ︶︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠲᠣᠭᠲᠠᠭᠠᠯ ᠢᠶᠠᠷ᠂ 9 ᠰᠠᠷ᠎ᠠ ᠶᠢᠨ 4 ᠤ ᠡᠳᠦᠷ ᠤᠨ 0 ᠴᠠᠭ ᠠᠴᠠ ᠡᠬᠢᠯᠡᠨ᠂ ᠠᠪᠤᠷᠭᠤ ᠭᠦᠷᠪᠡᠯ ᠶᠡᠭᠡ ᠵᠡᠭᠡᠯᠢ ᠶᠢᠨ ᠡᠮᠦᠨ᠎ᠡ᠂ ᠭᠡᠨᠳᠠᠢ ᠵᠡᠭᠡᠯᠢ ᠶᠢᠨ ᠬᠤᠶᠢᠲᠤ᠂ ᠪᠦᠲᠦᠭᠡᠨ ᠪᠠᠶᠢᠭᠤᠯᠤᠯᠲᠠ ᠶᠢᠨ ᠵᠠᠮ ᠤᠨ ᠬᠤᠶᠠᠷ ᠬᠠᠵᠠᠭᠤ ᠶᠢᠨ ᠵᠡᠭᠡᠯᠢ ᠳᠠᠭᠠᠭᠰᠠᠨ ᠬᠤᠳᠠᠯᠳᠤᠭᠠᠨ ᠤ ᠫᠦᠰᠡ ᠵᠢᠴᠢ ᠠᠪᠤᠷᠭᠤ ᠭᠦᠷᠪᠡᠯ ᠶᠡᠭᠡ ᠵᠡᠭᠡᠯᠢ ᠶᠢᠨ ᠡᠮᠦᠨ᠎ᠡ᠂ ᠵᠠᠮ ᠤᠨ ᠪᠠᠷᠠᠭᠤᠨ᠂  ᠭᠡᠨᠳᠠᠢ ᠵᠡᠭᠡᠯᠢ ᠶᠢᠨ ᠬᠤᠶᠢᠲᠤ᠂ ᠳᠣᠲᠣᠭᠠᠳᠤ ᠶᠢ ᠬᠠᠮᠠᠭᠠᠯᠠᠬᠤ ᠵᠡᠭᠦᠨ ᠭᠤᠳᠤᠮᠵᠢ ᠶᠢᠨ ᠬᠦᠷᠢᠶᠡᠯᠡᠭᠰᠡᠨ ᠣᠷᠣᠨ ᠢ ᠳᠤᠮᠳᠠ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠵᠤ᠂ ᠴᠧᠨ ᠰᠢᠶᠣᠣ ᠫᠢᠨ ᠶᠡᠷᠦᠩᠬᠡᠶᠢᠯᠡᠭᠰᠡᠨ ᠠᠰᠠᠷ ᠢ ᠳᠤᠮᠳᠠ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠪᠠ᠃ ᠣᠲᠣ ᠪᠣᠯᠲᠠᠯ᠎ᠠ᠂ ᠪᠥᠬᠦ ᠬᠤᠲᠠ ᠳᠤ  ᠳᠦᠭᠰᠢᠬᠦᠷᠢᠳᠦ ᠣᠷᠣᠨ 3᠂ ᠳᠤᠮᠳᠠ  ᠳᠦᠭᠰᠢᠬᠦᠷᠢᠳᠦ ᠣᠷᠣᠨ 3 ᠪᠠᠶᠢᠵᠤ᠂ ᠪᠤᠰᠤᠳ ᠣᠷᠣᠨ ᠪᠦᠰᠡ ᠳᠤ ᠴᠥᠮ ᠳᠣᠣᠷ᠎ᠠ ᠳᠦᠭᠰᠢᠬᠦᠷᠢᠳᠦ ᠣᠷᠣᠨ ᠪᠣᠯᠣᠨ᠎ᠠ᠃      ᠣᠳᠣᠬᠠᠨ ᠳᠤ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠂ ᠥᠷᠭᠡᠨ ᠣᠯᠠᠨ ᠬᠤᠲᠠ   ᠶᠢᠨ ᠠᠷᠠᠳ ᠬᠦᠯ ᠬᠤᠷᠢᠶᠠᠭᠰᠠᠨ ᠬᠠᠮᠢᠶᠠᠷᠤᠯᠲᠠ   ᠶᠢᠨ ᠲᠣᠭᠲᠠᠭᠠᠯ   ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠭᠠᠳᠠᠭᠰᠢ ᠭᠠᠷᠬᠤ ᠦᠭᠡᠢ᠂ ᠴᠤᠤᠷᠬᠠᠯ   ᠢ ᠢᠲᠡᠭᠡᠬᠦ ᠦᠭᠡᠢ᠂ ᠴᠤᠤᠷᠬᠠᠯ   ᠢ ᠲᠠᠷᠬᠠᠭᠠᠬᠤ ᠦᠭᠡᠢ ᠪᠠᠶᠢᠵᠤ᠂ ᠬᠤᠪᠢ ᠬᠥᠮᠥᠨ ᠤ ᠬᠠᠮᠠᠭᠠᠯᠠᠯᠲᠠ   ᠶᠢᠨ ᠠᠵᠢᠯ   ᠢ ᠰᠠᠶᠢᠲᠤᠷ ᠬᠢᠬᠦ   ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号