︽ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ  ᠡᠰᠡᠷᠬᠦᠴᠡᠶ᠎ᠡ︾  ᠮᠠᠨ ᠤ ᠬᠤᠲᠠ ᠪᠠᠶᠢᠰᠢᠩ  ᠲᠣᠭᠤᠷᠢᠭ ᠤᠨ ᠣᠷᠴᠢᠨ ᠢ ᠠᠷᠢᠭᠤᠳᠬᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2022/9/5
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠠᠶᠢᠰᠢᠩ ᠲᠣᠭᠤᠷᠢᠭ ᠤᠨ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠳᠣᠯᠠᠳᠠ᠂ 9 ᠰᠠᠷ᠎ᠠ ᠶᠢᠨ 3 ᠤ ᠡᠳᠦᠷ ᠠᠴᠠ ᠡᠬᠢᠯᠡᠨ᠂ ᠮᠠᠨ ᠤ ᠬᠤᠲᠠ ᠪᠠᠶᠢᠰᠢᠩ ᠲᠣᠭᠤᠷᠢᠭ ᠲᠤ ᠪᠥᠬᠦ ᠲᠠᠯ᠎ᠠ ᠪᠠᠷ ᠠᠷᠢᠭᠤᠳᠬᠠᠨ ᠤᠰᠠᠳᠬᠠᠬᠤ ᠠᠵᠢᠯ ᠢ ᠥᠷᠨᠢᠭᠦᠯᠵᠦ᠂ ᠸᠢᠷᠦ᠋ᠰ ᠤᠨ ᠬᠠᠯᠳᠠᠪᠤᠷᠢᠯᠠᠬᠤ ᠵᠠᠮ ᠢ ᠲᠠᠰᠤᠯᠵᠤ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃
     ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠠᠷᠢᠭᠤᠳᠬᠠᠵᠦ ᠤᠰᠠᠳᠬᠠᠬᠤ ᠶᠢ ᠬᠠᠷᠢᠭᠤᠴᠠᠵᠤ ᠪᠠᠶᠢᠭ᠎ᠠ ᠬᠤᠶᠠᠷ ᠲᠤᠰᠬᠠᠢ ᠮᠡᠷᠭᠡᠵᠢᠯ ᠤᠨ ᠠᠷᠢᠭᠤᠳᠬᠠᠨ ᠤᠰᠠᠳᠬᠠᠬᠤ ᠺᠣᠮᠫᠠᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠤᠣᠯᠳᠠᠯᠭ᠎ᠠ ᠲᠠᠢ ᠣᠷᠣᠨ ᠪᠠᠶᠢᠷᠢ᠂ ᠣᠷᠣᠨ ᠪᠦᠰᠡ ᠳᠤ ᠨᠠᠷᠢᠯᠢᠭᠵᠢᠭᠤᠯᠤᠨ ᠠᠷᠢᠭᠤᠳᠬᠠᠵᠦ ᠤᠰᠠᠳᠬᠠᠬᠤ ᠠᠵᠢᠯ ᠬᠢᠨ᠎ᠡ᠃      ᠠᠷᠢᠭᠤᠳᠬᠠᠬᠤ ᠠᠵᠢᠯ ᠤᠨ ᠳᠤᠮᠳᠠ᠂ ᠵᠢᠵᠢᠭ ᠬᠡᠯᠪᠡᠷᠢ ᠶᠢᠨ ᠰᠦᠷᠴᠢᠨ ᠠᠷᠢᠭᠤᠳᠬᠠᠬᠤ ᠲᠡᠷᠭᠡ ᠪᠣᠯᠣᠨ ᠭᠠᠷ ᠰᠦᠷᠴᠢᠭᠦᠷ ᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠪᠥᠬᠦ ᠬᠤᠲᠠ ᠶᠢᠨ 39 ᠪᠠᠶᠢᠰᠢᠩ ᠲᠣᠭᠤᠷᠢᠭ ᠤᠨ ᠣᠯᠠᠨ ᠨᠡᠶᠢᠲᠡ ᠶᠢᠨ ᠣᠷᠣᠨ ᠬᠡᠪᠴᠢᠶ᠎ᠡ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ᠂ ᠬᠤᠭ ᠨᠣᠪᠰᠢ ᠶᠢᠨ ᠰᠠᠪᠠ᠂ ᠪᠣᠬᠢᠷ ᠣᠰᠣᠨ ᠤ ᠬᠤᠳᠳᠤᠭ ᠵᠡᠷᠭᠡ ᠣᠷᠣᠨ ᠬᠡᠪᠴᠢᠶ᠎ᠡ ᠶᠢ ᠲᠥᠪᠯᠡᠷᠡᠭᠦᠯᠦᠨ ᠠᠷᠢᠭᠤᠳᠬᠠᠨ ᠤᠰᠠᠳᠬᠠᠵᠤ᠂ ︽ᠦᠨᠴᠦᠭ ᠪᠣᠯᠣᠩ  ᠦᠯᠡᠳᠡᠬᠡᠯ ᠦᠭᠡᠢ ᠪᠦᠬᠦᠨ ᠢ ᠬᠠᠮᠤᠷᠬᠤ︾ ᠶᠢ ᠪᠡᠶᠡᠯᠡᠭᠦᠯᠵᠦ᠂ ᠸᠢᠷᠦ᠋ᠰ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠶ ᠲᠠᠰᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠬᠦᠯᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠷᠢᠯᠭᠠᠬᠤ ᠠᠵᠢᠯ ᠳᠤ ᠬᠡᠷᠡᠭᠯᠡᠭᠰᠡᠨ ᠠᠷᠢᠭᠤᠳᠬᠠᠬᠤ ᠡᠳ᠋ ᠪᠣᠯ ᠲᠣᠭᠲᠠᠭᠠᠭᠰᠠᠨ ᠬᠠᠷᠢᠴᠠᠯ ᠢᠶᠠᠷ ᠨᠠᠶᠢᠷᠠᠭᠤᠯᠤᠭᠰᠠᠨ ᠭᠤᠷᠪᠠᠨ ᠾᠯᠣᠷᠲᠤ ᠣᠨᠳᠣᠣ ᠼᠢᠶᠠᠨ ᠰᠢᠭᠡᠰᠦᠨ ᠬᠦᠴᠢᠯ ᠤᠨ ᠨᠠᠲᠷᠢ ᠶᠢᠨ ᠠᠷᠢᠭᠤᠳᠬᠠᠬᠤ ᠰᠢᠩᠭᠡᠨ ᠪᠣᠯᠣᠨ᠎ᠠ᠃ ᠠᠵᠢᠯᠲᠠᠨ ᠠᠷᠢᠭᠤᠳᠬᠠᠬᠤ ᠠᠵᠢᠯ ᠬᠢᠬᠦ ᠳᠤ᠂ ᠰᠠᠭᠤᠭᠠᠯᠢ ᠠᠷᠠᠳ ᠤᠷᠢᠳᠴᠢᠯᠠᠨ ᠡᠭᠦᠳᠡ ᠴᠣᠩᠬᠤ ᠪᠠᠨ ᠬᠠᠭᠠᠵᠤ᠂ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ᠃ ᠡᠭᠦᠨ ᠤ ᠵᠡᠷᠭᠡ ᠳᠤ ᠪᠠᠰᠠ ᠥᠷᠭᠡᠨ ᠣᠯᠠᠨ ᠬᠤᠲᠠ ᠶᠢᠨ ᠠᠷᠠᠳ ᠲᠤ ᠰᠠᠨᠠᠭᠤᠯᠬᠤ ᠨᠢ᠂ ᠠᠷᠢᠭᠤᠳᠬᠠᠵᠦ ᠤᠰᠠᠳᠬᠠᠬᠤ ᠠᠵᠢᠯ ᠬᠢᠭᠰᠡᠨ ᠤ ᠳᠠᠷᠠᠭ᠎ᠠ᠂ ᠪᠠᠷᠢᠯᠭ᠎ᠠ   ᠶᠢᠨ ᠭᠠᠳᠠᠷ ᠲᠠᠯ᠎ᠠ ᠪᠣᠯᠣᠨ ᠴᠡᠴᠡᠭ ᠡᠪᠡᠰᠦ ᠮᠣᠳᠣ ᠶᠢ ᠭᠠᠷ ᠢᠶᠠᠷ ᠢᠶᠠᠨ ᠲᠡᠮᠲᠡᠷᠢᠬᠦ ᠦᠭᠡᠢ ᠪᠠᠶᠢᠬᠤ ᠬᠡᠷᠡᠭᠲᠡᠢ᠂ ᠲᠡᠮᠲᠡᠷᠢᠭᠰᠡᠭᠡᠷ ᠳᠠᠷᠤᠶᠢᠬᠠᠨ ᠴᠡᠪᠡᠷ ᠤᠰᠤ ᠪᠠᠷ ᠤᠬᠢᠶᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号