【 ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠬᠦ】 ᠮᠠᠨ ᠤ ᠬᠤᠲᠠ ᠶᠢᠨ ᠰᠢᠨ᠎ᠡ ᠨᠢᠭᠡ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠡᠮᠬᠢ ᠵᠢᠷᠤᠮ ᠲᠠᠢ ᠪᠥᠭᠡᠳ ᠬᠤᠷᠳᠤᠴᠠ ᠲᠠᠢ ᠪᠠᠶᠢᠨ᠎ᠠ
ᠨᠡᠶᠢᠲᠡᠯᠡᠭᠰᠡᠨ ᠴᠠᠭ᠄
2022/9/6
    ᠳᠠᠯᠳᠠ ᠠᠶᠤᠯ ᠲᠦᠭᠰᠢᠭᠦᠷᠢ ᠶᠢ ᠨᠠᠷᠢᠯᠢᠭ ᠣᠨᠣᠴᠠᠲᠠᠢ ᠪᠠᠷ ᠣᠶᠢᠯᠠᠭᠠᠵᠤ᠂ ᠬᠠᠮᠢᠶᠠᠷᠤᠨ ᠡᠵᠡᠮᠳᠡᠬᠦ ᠶᠢᠨ ᠳᠣᠯᠠᠳᠠ᠂ 9 ᠰᠠᠷ᠎ᠠ ᠶᠢᠨ 5 ᠤ ᠡᠳᠦᠷ᠂ ᠮᠠᠨ ᠤ ᠬᠤᠲᠠ ᠰᠢᠨ᠎ᠡ ᠨᠢᠭᠡ ᠡᠭᠡᠯᠵᠢ ᠶᠢᠨ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠬᠢᠯᠡᠭᠦᠯᠪᠡ᠃
   ᠥᠷᠯᠥᠭᠡ ᠶᠢᠨ 6 ᠴᠠᠭ ᠲᠤ᠂ ᠡᠯ᠎ᠡ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠡᠭ ᠲᠤ᠂ ᠡᠮᠴᠢ ᠰᠤᠪᠢᠯᠠᠭᠴᠢ᠂ ᠰᠠᠶᠢᠨ ᠳᠤᠷ᠎ᠠ ᠶᠢᠨ ᠠᠵᠢᠯᠯᠠᠭᠴᠢ᠂ ᠳᠠᠭᠠᠭᠠᠴᠢᠯᠠᠨ ᠬᠠᠷᠢᠭᠤᠴᠠᠭᠰᠠᠨ ᠨᠢᠭᠡᠴᠡ ᠶᠢᠨ ᠠᠵᠢᠯᠲᠠᠳ ᠲᠠᠰᠤᠷᠠᠯᠲᠠ ᠦᠭᠡᠢ ᠰᠢᠨ᠎ᠡ ᠨᠢᠭᠡ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠳᠤ ᠣᠷᠣᠯᠴᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠪᠠᠷ ᠮᠥᠷᠯᠡᠨ ᠺᠣᠳ᠋ ᠰᠢᠷᠪᠢᠬᠦ᠂ ᠳᠡᠩᠰᠡᠯᠡᠨ ᠲᠡᠮᠳᠡᠭᠯᠡᠬᠦ᠂ ᠥᠯᠢᠭᠡᠷ ᠠᠪᠬᠤ ᠪᠣᠯᠭᠠᠵᠤ᠂ ᠪᠥᠭᠡᠮ ᠬᠦᠴᠢᠯ ᠤᠨ ᠥᠯᠢᠭᠡᠷ ᠠᠪᠬᠤ ᠠᠵᠢᠯ ᠤᠨ ᠥᠨᠳᠥᠷ ᠪᠦᠲᠦᠮᠵᠢᠲᠡᠶ ᠶᠠᠪᠤᠭᠳᠠᠬᠤ ᠶᠢ ᠲᠦᠯᠬᠢᠨ ᠠᠬᠢᠭᠤᠯᠪᠠ᠃ 14 ᠴᠠᠭ ᠪᠣᠯᠲᠠᠯ᠎ᠠ᠂ ᠮᠠᠨ ᠤ ᠬᠤᠲᠠ   ᠶᠢᠨ ᠬᠢᠨ 59311 ᠬᠥᠮᠥᠨ ᠤ ᠦᠯᠢᠭᠡᠷ ᠡᠳ᠋ ᠠᠪᠴᠤ᠂ 59311 ᠬᠥᠮᠥᠨ   ᠢ ᠰᠢᠯᠭᠠᠨ ᠪᠠᠶᠢᠴᠠᠭᠠᠯᠭᠠᠬᠤ ᠪᠠᠷ ᠬᠦᠷᠭᠡᠵᠦ᠂ 49535 ᠬᠥᠮᠥᠨ ᠤ ᠰᠢᠯᠭᠠᠨ ᠪᠠᠶᠢᠴᠠᠭᠠᠯᠲᠠ   ᠶᠢ ᠪᠡᠶᠡᠯᠡᠭᠦᠯᠵᠡᠢ᠂ ᠡᠨᠡ ᠨᠢ ᠴᠥᠮ ᠪᠢᠯᠢᠭ ᠴᠢᠨᠠᠷᠲᠠᠢ ᠶᠤᠮ᠃    ᠶᠡᠷᠦ ᠪᠤᠰᠤ ᠶᠢᠨ ᠦᠶ᠎ᠡ ᠳᠤ᠂ ᠶᠡᠷᠦ ᠪᠤᠰᠤ ᠶᠢᠨ ᠠᠵᠢᠯᠯᠠᠭ᠎ᠠ ᠪᠣᠢ ᠪᠣᠯᠣᠨ᠎ᠠ᠃ ᠠᠭᠠᠭᠢᠮ᠎ᠠ ᠬᠠᠯᠠᠭᠤᠨ ᠵᠤᠨ ᠤ ᠤᠯᠠᠷᠢᠯ ᠠᠴᠠ ᠨᠠᠰᠢ ᠪᠢᠳᠡ ᠤᠳᠠᠭ᠎ᠠ ᠳᠠᠷᠠᠭ᠎ᠠ ᠪᠠᠷ ᠪᠠᠶᠢᠯᠳᠤᠵᠤ᠂ ᠤᠳᠠᠭ᠎ᠠ ᠳᠠᠷᠠᠭ᠎ᠠ ᠪᠠᠷ ᠬᠢᠵᠢᠭ ᠤᠨ ᠪᠠᠶᠢᠳᠠᠯ ᠢ ᠢᠯᠠᠨ ᠳᠠᠪᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠦᠴᠦᠨ ᠴᠢᠳᠠᠯ ᠢ ᠭᠡᠷᠡᠴᠢᠯᠡᠪᠡ᠃ ᠣᠳᠣᠬᠠᠨ ᠳᠤ᠂ ᠭᠡᠷ ᠲᠡᠭᠡᠨ ᠰᠠᠭᠤᠵᠤ ᠬᠢᠵᠢᠭ ᠢ ᠡᠰᠡᠷᠭᠦᠴᠡᠬᠦ ᠪᠤᠶᠤ ᠪᠥᠬᠦ ᠠᠵᠢᠯᠲᠠᠨ ᠤ ᠴᠥᠮ᠎ᠡ ᠶᠢᠨ ᠬᠦᠴᠢᠯ ᠤᠨ ᠪᠠᠶᠢᠴᠠᠭᠠᠯᠲᠠ ᠬᠢᠬᠦ ᠳᠤ ᠴᠥᠮ ᠣᠯᠠᠨ ᠢᠶᠠᠷ ᠢᠶᠠᠨ ᠬᠠᠮᠵᠢᠯᠴᠠᠬᠤ ᠪᠠ ᠳᠡᠮᠵᠢᠯᠭᠡ ᠦᠵᠡᠭᠦᠯᠬᠦ ᠶᠢ ᠱᠠᠭᠠᠷᠳᠠᠵᠤ ᠪᠠᠶᠢᠨ᠎ᠠ᠃ ᠠᠮᠠᠪᠴᠢ ᠵᠡᠭᠦᠵᠦ᠂ ᠨᠣᠮᠧᠷ ᠢᠶᠠᠨ ᠳᠡᠯᠭᠡᠵᠦ᠂ ᠵᠠᠢ ᠵᠠᠪᠰᠠᠷ ᠢᠶᠠᠨ ᠪᠠᠷᠢᠵᠦ᠂ ᠬᠡᠷᠡᠭ ᠪᠠᠭ᠎ᠠ ᠭᠡᠳ ᠣᠮᠲᠣᠭᠠᠶᠢᠯᠠᠵᠤ ᠪᠣᠯᠬᠤ ᠦᠭᠡᠢ᠂ ᠶᠠᠷᠰᠢᠭ ᠲᠦᠪᠡᠭ ᠠᠴᠠ ᠪᠣᠯᠵᠤ ᠡᠰᠡᠷᠭᠦᠴᠡᠵᠦ ᠪᠣᠯᠬᠤ ᠦᠭᠡᠢ᠂ ᠨᠡᠩ ᠴᠤ ᠴᠤᠤᠷᠬᠠᠯ ᠢ ᠢᠲᠡᠭᠡᠵᠦ ᠪᠣᠯᠬᠤ ᠦᠭᠡᠢ᠃ ᠪᠥᠬᠦ ᠬᠦᠴᠦᠨ ᠢᠶᠠᠷ ᠢᠶᠠᠨ ᠬᠠᠮᠵᠢᠯᠴᠠᠨ ᠤᠬᠠᠮᠰᠠᠷ   ᠠᠴᠠ ᠪᠠᠨ ᠠᠵᠢᠯᠯᠠᠪᠠᠯ ᠰᠠᠶ᠋ᠢ ᠡᠨᠡᠬᠦ ᠬᠤᠲᠠ   ᠶᠢᠨ ᠠᠮᠤᠷ ᠲᠣᠭᠲᠠᠭᠤᠨ   ᠢ ᠨᠠᠩ ᠰᠠᠶᠢᠲᠤᠷ ᠬᠠᠮᠠᠭᠠᠯᠠᠵᠤ ᠴᠢᠳᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号