ᠬᠠᠶᠢᠷ᠎ᠠ ᠬᠠᠯᠠᠮᠵᠢ ᠨᠣᠭᠤᠭ᠎ᠠ ᠶᠢ ᠭᠡᠷ ᠤᠨ ᠡᠭᠦᠳᠡᠨ ᠳᠤ ᠬᠦᠷᠭᠡᠶ᠎ᠡ
ᠨᠡᠶᠢᠲᠡᠯᠡᠭᠰᠡᠨ ᠴᠠᠭ᠄
2022/9/6
9 ᠰᠠᠷ᠎ᠠ   ᠶᠢᠨ 4 ᠤ ᠡᠳᠦᠷ᠂ ᠴᠢᠩᠬᠤᠸᠠ ᠶᠡᠭᠡ ᠰᠤᠷᠭᠠᠭᠤᠯᠢ   ᠶᠢᠨ ᠬᠦᠷᠢᠶᠡᠯᠡᠩ ᠤᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠵᠤ ᠪᠠᠶᠢᠭ᠎ᠠ ᠥᠨᠥᠴᠢᠨ ᠪᠡᠯᠪᠡᠰᠦᠨ ᠬᠦᠴᠢᠷᠳᠡᠯ ᠲᠠᠢ ᠰᠠᠭᠤᠭᠠᠯᠢ ᠠᠷᠠᠳ ᠤᠨ ᠰᠡᠳᠬᠢᠯ   ᠢ  ᠳᠣᠯᠠᠭᠠᠴᠠᠭᠤᠯᠬᠤ ᠶᠢᠨ ᠳᠣᠯᠠᠳᠠ᠂ ᠬᠠᠶᠢᠷ᠎ᠠ ᠬᠠᠯᠠᠮᠵᠢ ᠬᠦᠷᠭᠡᠬᠦ ᠢᠳᠡᠰᠢᠨ ᠨᠣᠭᠤᠭᠠᠨ ᠤ ᠪᠣᠭᠴᠣ ᠶᠢ ᠬᠠᠶᠢᠷ᠎ᠠ ᠬᠠᠯᠠᠮᠵᠢ ᠬᠦᠷᠭᠡᠬᠦ ᠠᠵᠤ ᠠᠬᠤᠶᠢᠯᠠᠯ ᠤᠨ ᠰᠧᠨ ᠶᠤᠸᠠᠢ ᠠᠮᠢᠳᠤᠷᠠᠯ ᠤᠨ ᠴᠢᠯᠦᠭᠡᠳᠦ ᠳᠡᠯᠭᠡᠭᠦᠷ ᠠᠴᠠ ᠲᠡᠳᠡᠨ ᠳᠤ ᠪᠡᠯᠡᠭᠯᠡᠵᠦ ᠥᠭᠭᠦᠭᠰᠡᠨ ᠶᠤᠮ᠃    ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠵᠤ᠂ ᠣᠯᠠᠨ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠬᠦ ᠶᠢᠨ ᠳᠣᠯᠠᠳᠠ᠂ ᠰᠧᠨ ᠶᠤᠸᠠᠢ ᠠᠮᠢᠳᠤᠷᠠᠯ ᠤᠨ ᠴᠢᠯᠦᠭᠡᠳᠦ ᠳᠡᠯᠭᠡᠭᠦᠷ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠬᠠᠮᠲᠤ ᠪᠠᠷ ᠡᠰᠡᠷᠭᠦᠴᠡᠬᠦ ᠶᠢ ᠵᠣᠷᠢᠭᠵᠢᠭᠤᠯᠪᠠ᠃ ᠡᠨᠡ ᠤᠳᠠᠭ᠎ᠠ ᠳᠤ ᠨᠡᠶᠢᠲᠡ 150 ᠬᠤᠪᠢ ᠬᠠᠶᠢᠷ᠎ᠠ ᠬᠠᠯᠠᠮᠵᠢ ᠬᠦᠷᠭᠡᠬᠦ ᠢᠳᠡᠰᠢᠨ ᠨᠣᠭᠤᠭ᠎ᠠ ᠶᠢᠨ ᠪᠣᠭᠤᠳᠠᠯ ᠬᠦᠷᠭᠡᠨ᠎ᠡ᠃    ᠪᠥᠬᠦ ᠬᠤᠲᠠ ᠶᠢᠨ ᠬᠠᠩᠭᠠᠯᠭ᠎ᠠ ᠶᠢ ᠪᠠᠲᠤᠯᠠᠬᠤ ᠴᠢᠯᠦᠭᠡᠳᠦ ᠳᠡᠯᠭᠡᠭᠦᠷ ᠤᠨ ᠨᠢᠭᠡ ᠪᠣᠯᠤᠭᠰᠠᠨ ᠤ ᠬᠤᠪᠢ ᠳᠤ᠂ ᠰᠧᠨ ᠶᠤᠸᠠᠢ ᠠᠮᠢᠳᠤᠷᠠᠯ ᠤᠨ ᠴᠢᠯᠦᠭᠡᠳᠦ ᠳᠡᠯᠭᠡᠭᠦᠷ ︽ᠠᠷᠠᠳ ᠤᠨ ᠲᠥᠯᠥᠭᠡ ᠪᠤᠳᠤᠵᠤ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠭᠦᠢᠴᠡᠳᠬᠡᠬᠦ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠥᠷᠭᠡᠨ ᠣᠯᠠᠨ ᠬᠤᠲᠠ ᠶᠢᠨ ᠠᠷᠠᠳ ᠲᠤ ᠰᠢᠯᠢᠳᠡᠭ ᠦᠢᠯᠡᠴᠢᠯᠡᠭᠡ ᠬᠠᠩᠭᠠᠭᠰᠠᠭᠠᠷ ᠢᠷᠡᠵᠡᠶ᠃ ᠳᠡᠯᠭᠡᠭᠦᠷ ᠤᠨ ᠬᠠᠷᠢᠭᠤᠴᠠᠯᠭᠠᠲᠠᠨ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠨᠴᠠᠭᠠᠶ ᠴᠠᠭ ᠦᠶ᠎ᠡ ᠳᠤ ᠪᠢᠳᠡ ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠶᠢᠨ ᠲᠥᠯᠥᠭᠡ ᠬᠠᠮᠲᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号