ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠡᠰᠡᠷᠬᠦᠴᠡᠨ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠳᠡᠮᠵᠢᠨ ᠬᠦᠴᠢᠷᠳᠡᠯ ᠠᠴᠠ ᠮᠣᠯᠳᠣᠷᠠᠭᠤᠯᠬᠤ ︽22 ᠵᠤᠷᠪᠤᠰ︾ ᠠᠷᠭ᠎ᠠ ᠬᠡᠮᠵᠢᠶ᠎ᠡ ᠢᠷᠡᠯ᠎ᠡ
ᠨᠡᠶᠢᠲᠡᠯᠡᠭᠰᠡᠨ ᠴᠠᠭ᠄
2022/9/8
       9 ᠰᠠᠷ᠎ᠠ ᠶᠢᠨ 7 ᠤ ᠡᠳᠦᠷ᠂ ᠰᠤᠷᠪᠤᠯᠵᠢᠯᠠᠭᠴᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ 42 ᠳ᠋ᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠰᠡᠯ ᠱᠠᠭᠠᠷᠳᠠᠯᠭ᠎ᠠ ᠪᠠ ᠥᠷᠭᠡᠨ ᠣᠯᠠᠨ ᠬᠤᠲᠠ ᠶᠢᠨ ᠠᠷᠠᠳ ᠤᠨ ᠠᠩᠬᠠᠷᠤᠯ ᠳᠤ ᠢᠳᠡᠪᠬᠢᠲᠡᠢ ᠬᠠᠷᠢᠭᠤᠯᠲᠠ ᠦᠭᠴᠦ᠂ ᠤᠯᠠᠨ ᠢ ᠬᠠᠪᠰᠤᠷᠤᠨ ᠳᠠᠷᠤᠭᠠᠰᠤ ᠶᠢ  ᠬᠥᠩᠭᠡᠷᠡᠭᠦᠯᠵᠦ᠂ ᠬᠦᠴᠢᠷ ᠢ ᠲᠤᠭᠤᠯᠵᠤ᠂ ᠢᠲᠡᠭᠡᠯ ᠵᠣᠷᠢᠭ ᠢ ᠬᠥᠪᠴᠢᠯᠡᠵᠦ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠳᠤ ᠦᠵᠡᠭᠦᠯᠬᠦ ᠳᠠᠭᠠᠷᠢᠯᠲᠠ ᠪᠠ ᠠᠷᠠᠳ ᠤᠨ ᠠᠮᠢᠳᠤᠷᠠᠯ ᠳᠤ ᠦᠵᠡᠬᠦᠯᠦᠭᠰᠡᠨ ᠨᠥᠯᠥᠭᠡ ᠶᠢ ᠬᠠᠮᠤᠭ ᠤᠨ ᠶᠡᠭᠡ ᠪᠠᠷ ᠪᠠᠭᠠᠰᠬᠠᠬᠤ ᠶᠢᠨ ᠳᠣᠯᠠᠳᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠤᠨ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠲᠤᠰᠠᠯᠠᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠬᠤᠲᠠ ︽ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠲᠤᠰᠠᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢ ᠨᠡᠶᠢᠲᠡᠯᠡᠪᠡ᠃        ᠮᠠᠨ ᠤ ᠬᠤᠲᠠ ᠶᠢᠨ ᠬᠢᠵᠢᠭ ᠢ ᠡᠰᠡᠷᠭᠦᠴᠡᠨ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠳᠡᠮᠵᠢᠬᠦ ᠲᠥᠷᠥ ᠶᠢᠨ ᠪᠣᠳᠣᠯᠭ᠎ᠠ ᠳᠤ ᠭᠤᠣᠯᠳᠠᠭᠤ 9 ᠲᠠᠯ᠎ᠠ ᠶᠢ ᠪᠠᠭᠲᠠᠭᠠᠵᠤ᠂ ᠨᠡᠶᠢᠲᠡ 22 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠠᠪᠤᠪᠠ᠃ ᠡᠲᠡᠭᠡᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ᠂ ᠬᠤᠲᠠ ᠶᠢᠨ ᠡᠳ᠋ ᠤᠨ ᠵᠠᠰᠠᠭ  ᠠᠴᠠ 5000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠵᠢᠱᠢᠯᠲᠡ ᠪᠠᠷ ᠪᠥᠬᠦ ᠵᠢᠯ ᠤᠨ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠶᠡᠷᠦᠩᠬᠡᠢ ᠬᠡᠮᠵᠢᠶ᠎ᠡ 1.3 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 8500 ᠭᠠᠷᠤᠢ ᠡᠷᠦᠬᠡ᠂ ᠬᠤᠲᠠ ᠶᠢᠨ ᠠᠷᠠᠳ ᠲᠦᠮᠡᠨ ᠳᠤ 6.4 ᠲᠦᠮᠡ ᠭᠠᠷᠤᠢ ᠬᠥᠮᠥᠨ ᠠᠰᠢᠭ ᠬᠦᠷᠲᠡᠭᠡᠨ᠎ᠡ᠃         ᠨᠢᠭᠡ ᠳᠤ ᠢᠯᠴᠢ ᠬᠠᠩᠭᠠᠬᠤ ᠨᠥᠬᠦᠪᠦᠷᠢ ᠶᠢ ᠬᠡᠷᠡᠭᠵᠢᠭᠦᠯᠦᠨ᠎ᠡ᠃ ᠰᠠᠭᠤᠭᠠᠯᠢ ᠠᠷᠠᠳ ᠰᠦᠢᠳᠬᠡᠯ ᠲᠤᠰᠢᠶᠠᠬᠤ ᠶᠢ ᠬᠤᠶᠢᠰᠢᠯᠠᠭᠤᠯᠬᠤ ᠪᠤᠶᠤ ᠬᠤᠭᠤᠴᠠᠭ᠎ᠠ ᠬᠤᠪᠢᠶᠠᠨ ᠰᠦᠢᠳᠬᠡᠯ ᠲᠤᠰᠢᠶᠠᠬᠤ ᠬᠡᠯᠪᠡᠷᠢ ᠪᠠᠷ 2022 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠳᠤᠯᠠᠭᠠᠯᠠᠭ᠎ᠠ ᠶᠢᠨ ᠰᠦᠢᠳᠬᠡᠯ ᠢᠶᠠᠨ ᠲᠤᠰᠢᠶᠠᠵᠤ ᠪᠣᠯᠣᠨ᠎ᠠ︔ ᠳᠤᠯᠠᠭᠠᠯᠠᠬᠤ ᠶᠢ ᠵᠣᠭᠰᠣᠭᠠᠭᠰᠠᠨ ᠬᠡᠷᠡᠭᠯᠡᠭᠴᠢ ᠠᠴᠠ ᠪᠤᠰᠤᠳ ᠬᠡᠷᠡᠭᠯᠡᠭᠴᠢ ᠶᠢᠨ 2022 ᠣᠨ ᠤ ᠳᠤᠯᠠᠭᠠᠯᠠᠭ᠎ᠠ ᠶᠢᠨ ᠰᠦᠢᠳᠬᠡᠯ ᠳᠤ ᠡᠷᠦᠬᠡ ᠪᠦᠷᠢ ᠳᠤ 90 ᠲᠡᠭᠰᠢ ᠳᠥᠷᠪᠡᠯᠵᠢᠨ ᠮᠧᠲᠷ᠂ ᠲᠡᠭᠰᠢ ᠳᠥᠷᠪᠡᠯᠵᠢᠨ ᠮᠧᠲᠷ ᠪᠦᠷᠢ ᠳᠤ 4.5 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ︔ ᠪᠠᠶᠢᠰᠢᠩ ᠲᠣᠭᠤᠷᠢᠭ ᠪᠣᠯᠣᠨ ᠬᠡᠷᠡᠯᠳᠦᠠᠣᠳᠦ ᠰᠤᠮᠤ ᠶᠢᠨ ᠰᠠᠭᠤᠭᠠᠯᠢ ᠠᠷᠠᠳ ᠲᠤ ᠡᠷᠥᠭᠡ ᠪᠦᠷᠢ ᠳᠤ 1 ᠲᠣᠨ ᠨᠡᠭᠦᠷᠡᠰᠦ ᠰᠢᠲᠠᠭᠠᠬᠤ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ︵ᠠᠵᠢᠯ   ᠠᠴᠠ ᠪᠠᠨ ᠪᠠᠭᠤᠵᠤ ᠠᠮᠠᠷᠠᠭᠰᠠᠳ ᠪᠠᠭᠲᠠᠨ᠎ᠠ︶ ᠲᠣᠰ ᠲᠥᠷᠥ ᠶᠢᠨ ᠪᠣᠳᠣᠯᠭ᠎ᠠ ᠶᠢ ᠭᠥᠷᠳᠡᠬᠦ ᠦᠭᠡᠢ᠃         ᠬᠤᠶᠠᠷ ᠲᠤ ᠬᠡᠷᠡᠭᠯᠡᠭᠡ ᠶᠢ ᠵᠣᠷᠢᠭᠵᠢᠭᠤᠯᠤᠨ ᠠᠬᠢᠭᠤᠯᠤᠨ᠎ᠠ᠃ 500 ᠲᠦᠮᠡᠨ ᠲᠥᠭᠦᠷᠢᠭ ᠤᠨ ᠪᠡᠯᠡ ᠣᠷᠣᠭᠤᠯᠵᠤ ᠨᠡᠶᠢᠳᠡᠮ ᠬᠡᠷᠡᠭᠯᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ · ᠤᠯᠤᠰ ᠤᠨ ᠪᠠᠶᠠᠷ ᠢ ᠪᠡᠯᠭᠡᠯᠡᠬᠦ︾ ᠪᠠᠷ ᠭᠤᠣᠯ ᠰᠡᠳᠦᠪ ᠪᠣᠯᠭᠠᠭᠰᠠᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ︽云闪付 APP︾ ᠪᠠᠷ ᠳᠠᠮᠵᠢᠭᠤᠯᠤᠨ ᠬᠡᠷᠡᠭᠯᠡᠭᠡᠨ ᠤ ᠲᠡᠮᠳᠡᠭᠲᠦ ᠶᠢ ᠣᠯᠬᠤ ᠳᠤ ᠣᠷᠣᠯᠴᠠᠵᠤ ᠪᠣᠯᠣᠨ᠎ᠠ᠃        ᠭᠤᠷᠪᠠ ᠳᠤ ᠡᠮ ᠡᠮᠨᠡᠯᠭᠡ ᠶᠢᠨ ᠳᠠᠭᠠᠳᠬᠠᠯ ᠢᠶᠠᠷ ᠠᠷᠠᠳ ᠲᠤ ᠠᠰᠢᠭ ᠬᠦᠷᠳᠡᠬᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠤᠤᠯ ᠤᠨ 610 ᠲᠥᠭᠦᠷᠢᠭ / ᠬᠥᠮᠥᠨ  ᠪᠠᠶᠢᠭᠰᠠᠨ ᠠᠴᠠ 640 ᠲᠥᠭᠦᠷᠢᠭ / ᠬᠥᠮᠥᠨ  ᠪᠣᠯᠭᠠᠨ ᠳᠡᠭᠡᠭᠰᠢᠯᠡᠭᠦᠯᠵᠦ᠂ ᠬᠥᠮᠥᠨ ᠪᠦᠷᠢ ᠳᠤᠮᠳᠠᠴᠢ ᠪᠠᠷ 30 ᠲᠥᠭᠦᠷᠢᠭ ᠳᠡᠭᠡᠭᠰᠢᠯᠡᠭᠦᠯᠵᠦ᠂ ᠳᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡᠯ 22500 ᠬᠥᠮᠥᠨ ᠳᠤ ᠠᠰᠢᠭ ᠬᠦᠷᠲᠡᠭᠡᠨ᠎ᠡ᠃ ᠡᠭᠦᠨ ᠤ ᠬᠠᠮᠲᠤ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ ᠤᠨ ᠡᠮ ᠬᠤᠳᠠᠯᠳᠤᠨ ᠠᠪᠬᠤ ᠬᠡᠮᠵᠢᠶ᠎ᠡ ᠶᠢ ᠤᠳᠠᠭ᠎ᠠ ᠪᠦᠷᠢ 1 ᠰᠠᠷ᠎ᠠ ᠬᠤᠳᠠᠯᠳᠤᠨ ᠠᠪᠴᠤ ᠪᠠᠶᠢᠭᠰᠠᠨ ᠠᠴᠠ ᠤᠳᠠᠭ᠎ᠠ ᠪᠦᠷᠢ 3 ᠰᠠᠷ᠎ᠠ ᠬᠤᠳᠠᠯᠳᠤᠨ ᠠᠪᠴᠤ ᠪᠣᠯᠬᠤ ᠪᠣᠯᠲᠠᠯ᠎ᠠ ᠠᠭᠤᠵᠢᠭᠤ ᠲᠠᠯᠪᠢᠨ᠎ᠠ᠃        ᠳᠥᠷᠪᠡ ᠳᠤ ᠬᠦᠭᠵᠢᠯ ᠤᠨ ᠪᠡᠷᠬᠡᠰᠢᠶᠡᠯᠳᠠᠨ ᠢ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠬᠢᠵᠢᠭ ᠤᠨ ᠪᠠᠶᠢᠳᠠᠯ ᠠᠴᠠ ᠪᠣᠯᠵᠤ ᠦᠨᠳᠦᠰᠦᠨ ᠠᠮᠢᠳᠤᠷᠠᠯ ᠨᠢ ᠨᠥᠯᠥᠭᠡᠯᠡᠭᠳᠡᠭᠰᠡᠨ ᠬᠦᠴᠢᠷᠳᠡᠯᠲᠡᠢ ᠬᠦᠭᠵᠢᠯ ᠤᠨ ᠪᠡᠷᠬᠡᠰᠢᠶᠡᠯᠳᠠᠨ ᠳᠤ ᠬᠥᠮᠥᠨ ᠪᠦᠷᠢ ᠳᠤ 300 ᠲᠥᠭᠦᠷᠢᠭ ᠤᠨ ᠥᠷᠲᠡᠭ ᠪᠦᠬᠦᠢ ᠠᠮᠢᠳᠤᠷᠠᠯ ᠤᠨ ᠡᠳ᠋ ᠪᠣᠳᠠᠰ ᠤᠨ ᠠᠪᠤᠷᠠᠨ ᠲᠤᠰᠠᠯᠠᠯᠲᠠ ᠣᠯᠭᠤᠨ᠎ᠠ︔ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠦᠷᠲᠡᠵᠦ ᠪᠠᠶᠢᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠣᠮᠳᠠ ᠵᠡᠷᠭᠡ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ‍ᠦᠨ‌‍ᠰᠣᠷᠭᠠᠭᠤᠯᠢ ᠵᠡᠷᠭᠡ ᠶᠢᠨ ᠰᠤᠷᠭᠠᠨ ᠬᠥᠮᠦᠵᠢᠯ ᠤᠨ ᠬᠦᠭᠵᠢᠯ ᠤᠨ  ᠪᠡᠷᠬᠡᠰᠢᠶᠡᠯᠳᠠᠢ ᠰᠣᠷᠣᠭᠴᠢ᠂ ᠭᠡᠷ ᠪᠦᠯᠢ ᠶᠢᠨ ᠬᠦᠭᠵᠢᠯ ᠤᠨ ᠪᠡᠷᠬᠡᠰᠢᠶᠡᠯᠳᠠᠢ ᠰᠣᠷᠣᠭᠴᠢ ᠶᠢ ᠨᠢᠭᠡ ᠤᠳᠠᠭ᠎ᠠ ᠶᠢᠨ ᠴᠢᠨᠠᠷᠲᠠᠢ ᠪᠠᠷ 500 ᠳᠦᠬᠦᠷᠢᠭ ᠤᠨ ᠨᠦᠬᠦᠪᠣᠷᠢ ᠣᠯᠭᠤᠨ᠎ᠠ︔ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠢ ᠮᠡᠷᠭᠡᠵᠢᠯ᠂ ᠵᠢᠩᠬᠢᠨᠢ ᠠᠩᠭᠢ᠂ ᠰᠤᠳᠤᠯᠬᠤ ᠰᠣᠷᠣᠭᠴᠢ ᠳᠤ ᠳᠠᠪᠰᠢᠨ ᠣᠷᠣᠭᠰᠠᠨ ᠬᠦᠭᠵᠢᠯ ᠤᠨ ᠪᠡᠷᠬᠡᠰᠢᠶᠡᠯᠳᠠᠢ ᠰᠣᠷᠣᠭᠴᠢ᠂ ᠬᠦᠭᠵᠢᠯ ᠤᠨ ᠪᠡᠷᠬᠡᠰᠢᠶᠡᠯᠳᠠᠨ ᠤ ᠭᠡᠷ ᠪᠦᠯᠢ ᠶᠢᠨ ᠰᠣᠷᠣᠭᠴᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 1000 ᠲᠥᠭᠦᠷᠢᠭ᠂ 2000 ᠲᠥᠭᠦᠷᠢᠭ᠂ 3000 ᠲᠥᠭᠦᠷᠢᠭ ᠲᠤᠰᠠᠯᠠᠨ᠎ᠠ᠃         ᠲᠠᠪᠤ ᠳᠤ ᠮᠠᠯᠵᠢᠬᠤ ᠡᠷᠦᠬᠡ ᠶᠢᠨ ᠡᠪᠡᠰᠦ ᠬᠤᠳᠠᠯᠳᠤᠨ ᠠᠪᠬᠤ ᠨᠥᠬᠦᠪᠦᠷᠢ ᠶᠢ ᠬᠡᠷᠡᠭᠵᠢᠭᠦᠯᠦᠨ᠎ᠡ᠃ 4 ᠮᠠᠯᠵᠢᠬᠤ ᠭᠠᠴᠠᠭ᠎ᠠ ᠶᠢᠨ ᠪᠡᠯᠴᠢᠭᠡᠷ ᠮᠠᠯ ᠤᠨ ᠲᠡᠩᠴᠡᠭᠦᠷᠢ ᠲᠠᠢ ᠡᠷᠦᠬᠡ ᠳᠤ ᠡᠨᠡ ᠡᠪᠦᠯ ᠪᠠ ᠢᠷᠡᠬᠦ ᠬᠠᠪᠤᠷ ᠤᠨ ᠡᠪᠡᠰᠦ ᠬᠤᠳᠠᠯᠳᠤᠨ ᠠᠪᠬᠤ ᠨᠥᠬᠦᠪᠦᠷᠢ ᠶᠢ ᠬᠡᠷᠡᠭᠵᠢᠭᠦᠯᠦᠨ᠎ᠡ᠃ ᠮᠠᠯᠴᠢᠳ ᠥᠪᠡᠷ ᠲᠡᠭᠡᠨ ᠬᠠᠭᠤᠷᠠᠢ ᠡᠪᠡᠰᠦ ᠬᠤᠳᠠᠯᠳᠤᠨ ᠠᠪᠤᠭᠰᠠᠨ ᠪᠣᠯ ᠲᠣᠨ ᠪᠦᠷᠢ ᠳᠤ 500 ᠲᠥᠭᠦᠷᠢᠭ ᠤᠨ ᠨᠥᠬᠦᠪᠦᠷᠢ ᠥᠭᠴᠦ᠂ ᠡᠷᠦᠬᠡ ᠪᠦᠷᠢ ᠶᠢᠨ ᠨᠥᠬᠦᠪᠦᠷᠢ ᠶᠢᠨ ᠳᠡᠭᠡᠳᠦ ᠬᠢᠵᠠᠭᠠᠷ ᠢ ᠪᠡᠯᠴᠢᠭᠡᠷ ᠮᠠᠯ ᠤᠨ ᠢ ᠲᠡᠩᠴᠡᠭᠦᠷᠢ ᠪᠠᠷ ᠪᠠᠷᠢᠮᠵᠢᠶ᠎ᠠ ᠪᠣᠯᠭᠠᠨ ᠪᠣᠳᠠᠲᠠᠢ ᠮᠦ ᠶᠢᠨ ᠲᠤᠭ᠎ᠠ ᠶᠢ 0.39 ᠲᠥᠭᠦᠷᠢᠭ ᠢᠶᠠᠷ ᠦᠷᠡᠵᠢᠭᠦᠯᠦᠨ᠎ᠡ᠃        ᠵᠢᠷᠭᠤᠭ᠎ᠠ ᠳᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠯᠤᠰ ᠠᠴᠠ ᠬᠡᠷᠡᠭᠵᠢᠭᠦᠯᠦᠭᠰᠡᠨ ᠰᠢᠨ᠎ᠡ ᠨᠢᠭᠡᠨ ᠡᠭᠡᠯᠵᠢ ᠶᠢᠨ ︽ᠬᠠᠮ ᠬᠡᠯᠪᠡᠷᠢ︾ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠥᠩᠭᠡᠯᠡᠨ ᠲᠠᠲᠠᠪᠤᠷᠢᠯᠠᠬᠤ᠂ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠠᠭᠠᠰ ᠢᠶᠠᠷ ᠬᠠᠰᠤᠬᠤ᠂ ︽ᠭᠡᠷ ᠪᠠᠶᠢᠰᠢᠩ ᠭᠠᠵᠠᠷ ᠰᠢᠷᠣᠢ ᠶᠢᠨ ᠬᠤᠶᠠᠷ ᠭᠠᠶᠢᠯᠢ︾ ᠶᠢ ᠬᠡᠯᠲᠦᠷᠢᠭᠦᠯᠬᠦ᠂ ᠬᠡᠰᠡᠭ ᠭᠠᠶᠢᠯᠢ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃        ᠲᠤᠯᠤᠭ᠎ᠠ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠡᠬᠡ ᠬᠦᠦ ᠶᠢ ᠨᠢ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠵᠢᠭᠡᠯᠡᠯᠭᠡ ᠭᠠᠮᠨᠠᠬᠤ (惜贷)᠂ ᠵᠢᠭᠡᠯᠡᠯᠭᠡ ᠳᠠᠳᠠᠬᠤ(抽贷)᠂ ᠵᠢᠭᠡᠯᠡᠯᠭᠡ ᠵᠣᠭᠰᠤᠭᠠᠬᠤ(断贷)᠂ ᠵᠢᠭᠡᠯᠡᠯᠭᠡ ᠳᠠᠷᠣᠬᠤ(压贷) ᠵᠡᠷᠭᠡ ᠦᠵᠡᠭᠳᠡᠯ ᠭᠠᠷᠭᠠᠵᠦ ᠪᠣᠯᠬᠤ ᠦᠭᠡᠢ᠂ ᠦᠷᠭᠦᠯᠵᠢᠯᠡᠨ ᠵᠢᠭᠡᠯᠡᠯᠭᠡ ᠲᠠᠯᠪᠢᠬᠤ ᠶᠢ ᠳᠡᠮᠵᠢᠬᠦ᠂ ᠪᠠᠲᠤᠯᠠᠭ᠎ᠠ ᠶᠢᠨ ᠬᠤᠭᠤᠴᠠᠭ᠎ᠠ ᠶᠢ ᠤᠷᠲᠤᠳᠬᠠᠬᠤ᠂ ᠳᠠᠭᠠᠳᠬᠠᠯ ᠤᠨ ᠰᠦᠢᠳᠬᠡᠯ   ᠢ ᠬᠤᠶᠢᠰᠢᠯᠠᠭᠤᠯᠬᠤ᠂ ᠡᠬᠡ ᠬᠦᠦ   ᠶᠢ ᠪᠤᠴᠠᠭᠠᠬᠤ᠂ ᠦᠷᠭᠦᠯᠵᠢᠯᠡᠨ ᠪᠠᠲᠤᠯᠠᠵᠤ ᠦᠷᠭᠦᠯᠵᠢᠯᠡᠨ ᠵᠢᠭᠡᠯᠡᠯᠭᠡ ᠠᠪᠬᠤ᠂ ᠬᠦᠦ ᠮᠥᠩᠭᠦ ᠲᠣᠷᠭᠠᠬᠤ ᠠᠴᠠ ᠬᠡᠯᠲᠦᠷᠢᠭᠦᠯᠬᠦ ᠵᠡᠷᠭᠡ ᠠᠯᠢ ᠣᠯᠠᠨ ᠲᠥᠷᠥ   ᠶᠢᠨ ᠪᠣᠳᠣᠯᠭ᠎ᠠ   ᠶᠢᠨ ᠠᠷᠭ᠎ᠠ ᠬᠡᠮᠵᠢᠶ᠎ᠡ   ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠃    ᠨᠠᠢᠮᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠥᠪᠡᠷ ᠤᠨ ᠦᠷᠳᠡᠭ ᠢ ᠴᠢᠷᠮᠠᠶᠢᠨ ᠪᠠᠭᠠᠰᠬᠠᠨ᠎ᠠ᠃  ᠪᠠᠶᠢᠭᠤᠯᠭ᠎ᠠ ᠨᠢᠭᠡᠴᠡ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠠᠳ ᠲᠦᠷ ᠴᠠᠭ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ ᠡᠵᠡᠩᠨᠡᠬᠦ ᠶᠢᠨ ᠠᠷᠭ᠎ᠠ ᠦᠭᠡᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠣᠯᠭᠤᠨ᠎ᠠ︔ ᠬᠦᠷᠦᠯᠴᠡᠬᠦ ᠴᠢᠨᠠᠷᠲᠠᠢ ᠴᠤᠭᠯᠠᠷᠠᠯ ᠤᠨ ᠴᠢᠨᠠᠷᠳᠠᠢ ᠲᠦᠷᠦᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠠᠵᠢᠯᠲᠠᠨ ᠢᠶᠠᠨ ᠥᠯᠥ ᠬᠠᠰᠤᠬᠤ᠂ ᠠᠵᠢᠯᠲᠠᠨ ᠢᠶᠠᠨ ᠴᠥᠭᠡᠨ ᠬᠠᠰᠤᠬᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠬᠢᠵᠢᠭ ᠤᠨ ᠪᠠᠶᠢᠳᠠᠯ ᠢ ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠴᠠᠭ ᠲᠤᠬᠠᠢ ᠳᠤᠨᠢ ᠰᠦᠢᠳᠬᠡᠯ ᠲᠤᠰᠢᠶᠠᠵᠤ ᠳᠡᠶᠢᠯᠦᠭᠰᠡᠨ ᠦᠭᠡᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ᠂ ᠤᠰᠤ ᠪᠠ ᠴᠠᠬᠢᠯᠭᠠᠨ ᠢ ᠵᠣᠭᠰᠤᠭᠠᠬᠤ ᠦᠭᠡᠢ ᠪᠠᠶᠢᠵᠤ᠂ 6 ᠰᠠᠷ᠎ᠠ ᠶᠢᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠭᠠᠷᠭᠠᠵᠤ᠂ ᠥᠷᠢᠲᠦᠭᠰᠡᠨ ᠵᠠᠷᠤᠳᠠᠯ ᠤᠨ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ   ᠠᠴᠠ ᠬᠡᠯᠲᠦᠷᠢᠭᠦᠯᠦᠨ᠎ᠡ᠃       ᠶᠢᠰᠦ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠠ᠃ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ ᠪᠠᠶᠢᠪᠠᠯ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠣᠯᠭᠤᠨ᠎ᠠ︔ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠠᠵᠤ ᠠᠬᠤᠶᠢᠯᠠᠯ ᠪᠠ ᠨᠥᠬᠦᠴᠡᠯ ᠳᠤ ᠨᠡᠶᠢᠴᠡᠬᠦ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ 2022 ᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠬᠤᠪᠢ ᠬᠥᠮᠥᠨ ᠤ ᠪᠡᠶ᠎ᠡ ᠬᠡᠮ ᠢᠶᠠᠷ ᠳᠠᠭᠠᠳᠬᠠᠯ ᠳᠤ ᠣᠷᠣᠯᠴᠠᠵᠤ᠂ ᠰᠦᠢᠳᠬᠡᠯ ᠲᠤᠰᠢᠶᠠᠬᠤ ᠳᠤ ᠬᠦᠴᠢᠷᠲᠡᠢ ᠪᠠᠶᠢᠪᠠᠯ᠂ ᠰᠦᠢᠳᠬᠡᠯ ᠲᠤᠰᠢᠶᠠᠬᠤ ᠶᠢ ᠲᠦᠷ ᠬᠤᠶᠢᠰᠢᠯᠠᠭᠤᠯᠵᠤ ᠪᠣᠯᠣᠨ᠎ᠠ︔ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ᠂ ᠠᠵᠢᠯ ᠠᠯᠳᠠᠭᠰᠠᠨ ᠮᠠᠯᠴᠢᠨ ᠲᠠᠷᠢᠶᠠᠴᠢᠳ ᠲᠤ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠣᠯᠭᠤᠨ᠎ᠠ᠃      ᠲᠠᠷᠠᠭᠠᠴᠢ ᠶᠢᠨ ᠠᠯᠬᠤᠮ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ︽ᠪᠠᠭᠠᠰᠬᠠᠬᠤ᠂ ᠬᠤᠶᠢᠰᠢᠯᠠᠭᠤᠯᠬᠤ᠂ ᠬᠡᠯᠲᠦᠷᠢᠭᠦᠯᠬᠦ᠂ ᠨᠥᠬᠦᠪᠦᠷᠢᠯᠡᠬᠦ︾ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠪᠦᠲᠦᠮᠵᠢᠲᠡᠶ ᠬᠡᠷᠡᠭᠯᠡᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠤᠬᠠᠭᠤᠯᠵᠤ᠂ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠪᠡᠶᠡᠯᠡᠭᠦᠯᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠰᠡᠷᠭᠦᠯᠲᠡ ᠪᠠ ᠠᠵᠢᠯ ᠲᠥᠷᠥᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠨ᠎ᠡ᠃ ᠬᠤᠶᠠᠷ ᠲᠤ ᠬᠢᠵᠢᠭ ᠤᠨ ᠪᠠᠶᠢᠳᠠᠯ ᠤᠨ ᠨᠥᠯᠥᠭᠡᠯᠡᠯ ᠪᠠ ᠣᠯᠠᠨ ᠲᠦᠮᠡᠨ ᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠬᠢᠵᠢᠭ ᠤᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ ᠭᠤᠷᠪᠠ ᠳᠤ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ ᠰᠢᠭᠤᠳ ᠪᠥᠭᠡᠳ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠨ᠎ᠠ᠃ ᠳᠥᠷᠪᠡ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠲᠠᠶᠢᠯᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯ ᠪᠠ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠲᠠᠯ᠎ᠠ ᠶᠢᠨ ᠬᠢᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠪᠠᠶᠢᠭᠠᠳ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠢ ᠳᠡᠮᠵᠢᠬᠦ ᠲᠦᠷᠦ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠠᠰᠢᠭ ᠢ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦ᠂ ᠡᠳ᠋ᠯᠡᠵᠦ ᠪᠣᠯᠬᠤ ᠶᠢ ᠨᠢ ᠲᠦᠷᠭᠡᠨ ᠡᠳ᠋ᠯᠡᠬᠦ ᠶᠢ ᠪᠡᠶᠡᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号