︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠢ ᠡᠰᠡᠷᠭᠦᠴᠡᠪᠡᠯ ᠯᠠᠪᠲᠠᠢ ᠢᠯᠠᠯᠲᠠ ᠣᠯᠣᠨ᠎ᠠ︾ ᠮᠠᠨ ᠤ ᠬᠤᠳᠠ ᠶᠢᠨ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠡᠮᠬᠢ ᠴᠡᠭᠴᠡ  ᠲᠠᠢ ᠶᠠᠪᠣᠭᠳᠠᠨ᠎ᠠ
ᠨᠡᠶᠢᠲᠡᠯᠡᠭᠰᠡᠨ ᠴᠠᠭ᠄
2022/9/9
   ᠸᠢᠷᠦ᠋ᠰ ᠤᠨ ᠬᠠᠯᠳᠠᠪᠤᠷᠢᠯᠠᠬᠤ ᠬᠡᠯᠬᠢᠶ᠎ᠡ ᠶᠢ ᠪᠥᠬᠦ ᠲᠠᠯ᠎ᠠ ᠪᠠᠷ ᠲᠠᠰᠤᠯᠵᠤ᠂ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠳᠣᠯᠠᠳᠠ᠂ 9 ᠰᠠᠷ᠎ᠠ ᠶᠢᠨ 8 ᠤ ᠡᠳᠦᠷ᠂ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠠᠷᠪᠠᠨ ᠳᠣᠯᠣᠳᠤᠭᠠᠷ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠪᠡ᠃
   ᠥᠷᠯᠥᠭᠡ ᠡᠷᠲᠡ᠂ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠠᠮᠠᠪᠴᠢ ᠵᠡᠭᠦᠬᠦ ᠪᠤᠶᠤ ᠴᠢᠬᠢᠨ ᠳᠤ ᠠᠶᠠᠲᠠᠢ ᠬᠥᠭᠵᠢᠮ᠂ ᠡᠰᠡᠬᠦᠯ᠎ᠡ ᠲᠠᠨᠢᠯ ᠳᠠᠰᠤᠯ ᠪᠥᠭᠡᠮ ᠬᠦᠴᠢᠯ ᠤᠨ ᠰᠠᠨᠠᠭᠤᠯᠤᠮᠵᠢ ᠶᠢ ᠳᠠᠭᠠᠯᠳᠤᠨ᠂ ᠴᠠᠭ ᠲᠤᠬᠠᠢ ᠳᠤᠨᠢ ᠥᠯᠢᠭᠡᠷ ᠠᠪᠬᠤ ᠴᠡᠭ ᠲᠤ ᠬᠦᠷᠴᠦ ᠪᠥᠭᠡᠮ ᠬᠦᠴᠢᠯ ᠤᠨ ᠥᠯᠢᠭᠡᠷ ᠠᠪᠬᠤ ᠶᠢ ᠬᠦᠯᠢᠶᠡᠨ᠎ᠡ᠃
  ᠦᠯᠢᠭᠡᠷ ᠠᠪᠬᠤ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠤᠬᠠᠮᠰᠠᠷ ᠠᠴᠠ ᠪᠠᠨ ᠵᠠᠶᠢᠲᠠᠢ ᠪᠠᠶᠢᠵᠤ᠂ ᠨᠠᠰᠤᠲᠠᠨ᠂ ᠰᠤᠷᠤᠭᠴᠢᠳ ᠲᠤ ᠨᠠᠶᠢᠷ ᠲᠠᠯᠪᠢᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠡᠮᠬᠢ ᠵᠢᠷᠤᠮ ᠲᠠᠢ ᠬᠦᠯᠢᠶᠡᠪᠡ᠃ ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠴᠢᠮᠡᠭᠡ ᠰᠦᠯᠵᠢᠶᠡᠨ ᠤ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢᠳ ᠰᠦᠯᠵᠢᠶᠡᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠺᠣᠳ᠋ ᠰᠢᠷᠪᠢᠵᠦ᠂ ᠮᠡᠳᠡᠭᠡ ᠵᠠᠩᠭᠢ ᠶᠢ ᠰᠢᠩᠭᠡᠬᠡᠨ ᠣᠷᠣᠭᠤᠯᠵᠤ᠂ ᠡᠮᠨᠡᠯᠭᠡ ᠶᠢᠨ ᠠᠵᠢᠯᠲᠠᠳ ᠳᠠᠷᠠᠭᠠᠯᠠᠨ ᠰᠠᠭᠤᠭᠠᠯᠢ ᠠᠷᠠᠳ ᠲᠤ ᠵᠠᠯᠭᠢᠭᠤᠷ ᠤᠨ ᠵᠦᠯᠭᠦᠭᠦᠷ ᠴᠤᠭᠯᠠᠭᠤᠯᠵᠤ ᠥᠭᠭᠦᠨ᠎ᠡ᠃
 ᠦᠯᠢᠭᠡᠷ ᠠᠪᠬᠤ   ᠶᠢ ᠬᠦᠯᠢᠶᠡᠬᠦ   ᠶᠢᠨ ᠵᠠᠪᠰᠠᠷ ᠲᠤ ᠴᠥᠭᠡᠨ ᠪᠤᠰᠤ  ᠰᠠᠭᠤᠭᠠᠯᠢ ᠠᠷᠠᠳ ᠠᠵᠢᠯᠲᠠᠳ ᠲᠤ ᠬᠠᠯᠠᠭᠤᠨ ᠳᠣᠲᠣᠨᠣ ᠮᠡᠨᠳᠦᠴᠢᠯᠡᠯ ᠬᠦᠷᠭᠡᠵᠦ᠂ ᠲᠡᠳᠡᠨ ᠳᠤ ᠬᠤᠪᠴᠠᠰᠤ ᠬᠤᠨᠠᠷ ᠨᠡᠮᠡᠵᠦ᠂ ᠪᠡᠶ᠎ᠡ ᠪᠠᠨ ᠳᠤᠯᠠᠭᠠᠯᠠᠵᠤ ᠪᠠᠶᠢᠬᠤ   ᠶᠢ ᠰᠠᠨᠠᠭᠤᠯᠵᠤ ᠪᠠᠶᠢᠯ᠎ᠠ᠃ᠦᠯᠢᠭᠡᠷ ᠠᠪᠬᠤ ᠲᠤᠬᠠᠢ   ᠶᠢᠨ ᠲᠠᠯᠠᠪᠠᠶ ᠨᠢᠭᠡᠪᠦᠷᠢ   ᠶᠢ ᠳᠡᠮᠵᠢᠵᠦ᠂ ᠣᠶᠢᠯᠠᠭᠠᠵᠤ᠂ ᠬᠠᠮᠵᠢᠯᠴᠠᠵᠤ ᠪᠠᠶᠢᠭᠠᠳ ᠬᠡᠪ ᠤᠨ ᠪᠤᠰᠤ ᠪᠠᠶᠢᠳᠠᠯ   ᠢ ᠳᠤᠯᠠᠭᠠᠴᠠᠭᠤᠯᠤᠨ᠎ᠠ᠃    ᠲᠤᠬᠠᠢ ᠶᠢᠨ ᠡᠳᠦᠷ ᠤᠨ 14 ᠴᠠᠭ ᠪᠣᠯᠲᠠᠯ᠎ᠠ᠂ ᠮᠠᠨ ᠤ ᠬᠤᠲᠠ ᠶᠢᠨ ᠲᠣᠰ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠨᠢᠭᠡᠨᠲᠡ 62779 ᠬᠥᠮᠥᠨ ᠤ ᠥᠯᠢᠭᠡᠷ ᠡᠳ᠋ ᠠᠪᠴᠤ᠂ ᠨᠢᠭᠡᠨᠲᠡ 62779 ᠬᠥᠮᠥᠨ ᠢ ᠰᠢᠯᠭᠠᠨ ᠪᠠᠶᠢᠴᠠᠭᠠᠯᠭᠠᠬᠤ ᠪᠠᠷ ᠬᠦᠷᠭᠡᠵᠦ᠂ 42999 ᠬᠥᠮᠥᠨ ᠤ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠡᠢ᠂ ᠡᠨᠡ ᠨᠢ ᠴᠥᠮ ᠪᠢᠯᠢᠭ ᠴᠢᠨᠠᠷᠲᠠᠢ ᠶᠤᠮ᠃    ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠭᠤᠭᠴᠤᠭ᠎ᠠ ᠪᠠᠶᠢᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠡᠷᠲᠡ ᠠᠴᠠ ᠢᠯᠡᠷᠡᠭᠦᠯᠵᠦ᠂ ᠡᠷᠲᠡ ᠠᠴᠠ ᠮᠡᠳᠡᠭᠦᠯᠵᠦ᠂ ᠡᠷᠲᠡ ᠠᠴᠠ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠪᠠᠶᠢᠴᠠᠭᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠢ᠃ ᠤᠳᠠᠭ᠎ᠠ ᠪᠦᠷᠢ ᠶᠢᠨ ᠪᠥᠭᠡᠮ ᠬᠦᠴᠢᠯ ᠤᠨ ᠪᠠᠶᠢᠴᠠᠭᠠᠯᠲᠠ ᠨᠢ ᠰᠠᠭᠤᠭᠠᠯᠢ ᠠᠷᠠᠳ ᠢ ᠬᠠᠮᠠᠭᠠᠯᠠᠬᠤ ᠪᠠᠷ ᠪᠠᠷᠠᠬᠤ ᠦᠭᠡᠢ᠂ ᠨᠠᠩ ᠴᠤ ᠬᠢᠵᠢᠭ ᠤᠨ ᠪᠠᠶᠢᠳᠠᠯ ᠤᠨ ᠳᠣᠣᠷᠠᠬᠢ ᠬᠤᠲᠠ ᠶᠢᠨ ᠳᠤᠯᠠᠭᠠᠨ ᠤ ᠬᠡᠮᠵᠢᠶᠡᠨ ᠤ ᠬᠤᠷᠢᠶᠠᠩᠭᠤᠢ ᠳᠦᠷᠰᠦ ᠶᠢ ᠢᠯᠡᠷᠡᠭᠦᠯᠵᠦ ᠪᠠᠶᠢᠳᠠᠭ᠃ ᠢᠲᠡᠭᠡᠯ ᠪᠠ ᠣᠶᠢᠯᠠᠭᠠᠯᠲᠠ ᠠᠴᠠ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠢᠯᠠᠯᠲᠠ ᠶᠢᠨ ᠦᠷ ᠤᠨ ᠲᠤᠶᠠᠭ᠎ᠠ ᠶᠢ ᠨᠠᠮᠤᠭᠤᠬᠠᠨ ᠬᠦᠯᠢᠶᠡᠶ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号