ᠤᠮᠠᠷᠠᠲᠤ ᠬᠢᠯᠢ ᠶᠢᠨ ᠵᠢᠵᠢᠭ ᠬᠤᠳᠠ ᠳᠤ ᠴᠠᠰᠤ ᠮᠥᠰᠥᠨ ᠤ ︽ᠬᠠᠯᠠᠭᠤᠨ︾ ᠠᠭᠤᠷ ᠠᠮᠢᠰᠬᠤᠯ ᠪᠢᠯᠬᠠᠨ᠎ᠠ
ᠨᠡᠶᠢᠲᠡᠯᠡᠭᠰᠡᠨ ᠴᠠᠭ᠄
2023/1/29
    ᠴᠠᠭᠠᠨ ᠰᠠᠷ᠎ᠠ ᠶᠢᠨ ᠬᠤᠭᠤᠴᠠᠭᠠᠨ ᠳᠤ᠂ ᠴᠠᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠬᠡᠦᠬᠡᠳ ᠢᠶᠠᠨ ᠳᠠᠭᠠᠭᠤᠯᠤᠨ᠂ ᠡᠰᠡᠬᠦᠯ᠎ᠡ ᠰᠠᠶᠢᠨ ᠨᠠᠶᠢᠵᠠ ᠨᠠᠷ ᠲᠠᠢ ᠪᠠᠨ ᠬᠠᠮᠲᠤ ᠴᠠᠰᠤᠨ ᠲᠠᠯᠠᠪᠠᠶ ᠳᠤ ᠣᠷᠣᠵᠤ᠂ ᠤᠷ᠎ᠠ ᠮᠡᠷᠭᠡᠵᠢᠯ ᠢᠶᠠᠨ ᠭᠠᠶᠢᠬᠠᠭᠤᠯᠵᠤ᠂ ᠮᠥᠰᠥ ᠴᠠᠰᠤᠨ ᠤ ᠷᠢᠳᠢ ᠰᠢᠳᠢ ᠶᠢ ᠮᠡᠳᠡᠷᠡᠭᠦᠯᠦᠨ᠎ᠡ᠃   1ᠰᠠᠷ᠎ᠠ   ᠶᠢᠨ 28 ᠤ ᠡᠳᠦᠷ ᠰᠤᠷᠪᠤᠯᠵᠢᠯᠠᠭᠴᠢ ᠮᠠᠨ ᠤ ᠬᠤᠲᠠ   ᠶᠢᠨ ︽ᠠᠶᠢᠯ︾ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ ᠬᠡᠦᠬᠡᠳ ᠤᠳ ᠪᠤᠯᠢᠶᠠᠯᠳᠤᠨ ᠪᠤᠯᠢᠶᠠᠯᠳᠤᠵᠤ᠂ ᠲᠣᠮᠣ ᠬᠥᠮᠥᠰ ᠴᠢᠷᠭ᠎ᠠ ᠪᠠᠨ ᠴᠢᠷᠦᠨ ᠨᠠᠰᠢ ᠴᠠᠰᠢ ᠰᠦᠯᠵᠢᠯᠳᠦᠵᠦ᠂ ᠪᠠᠶᠠᠷ ᠬᠦᠷ   ᠢᠶᠠᠷ ᠪᠢᠯᠬᠠᠵᠤ ᠪᠠᠶᠢᠬᠤ   ᠶᠢ ᠣᠯᠵᠤ ᠬᠠᠷᠠᠵᠠᠢ᠃      ᠣᠯᠠᠨ ᠢᠶᠠᠷ ᠢᠶᠠᠨ ᠴᠠᠰᠤᠨ ᠤ ᠮᠣᠲ᠋ᠣᠷ ᠢᠶᠠᠷ ᠬᠤᠷᠳᠤᠴᠠ ᠪᠠ ᠣᠷᠭᠢᠯᠤᠮ᠎ᠠ ᠰᠡᠳᠬᠢᠯᠭᠡ ᠶᠢ ᠮᠡᠳᠡᠷᠡᠨ᠎ᠡ᠂ ᠡᠰᠡᠬᠦᠯ᠎ᠡ ᠮᠥᠰᠥ ᠴᠠᠰᠤᠨ ᠤ ᠮᠥᠷᠭᠦᠯᠳᠦᠭᠡᠨ ᠤ ᠲᠡᠷᠭᠡᠨ ᠳᠤ ᠰᠠᠭᠤᠵᠤ ᠬᠠᠷᠢᠯᠴᠠᠨ ᠮᠥᠷᠭᠦᠯᠳᠦᠬᠦ ᠶᠢᠨ ᠬᠠᠪᠤ ᠴᠡᠩᠭᠡᠯ ᠢ ᠮᠡᠳᠡᠷᠡᠨ᠎ᠡ᠂ ᠡᠰᠡᠬᠦᠯ᠎ᠡ ᠴᠠᠰᠤᠨ ᠳᠤ ᠭᠤᠯᠭᠤᠬᠤ ᠲᠡᠷᠭᠡ ᠪᠠᠷ ᠪᠤᠯᠢᠶᠠᠯᠳᠤᠨ ᠲᠡᠮᠡᠴᠡᠯᠳᠦᠬᠦ ᠶᠢᠨ ᠳᠣᠭᠳᠣᠯᠤᠯ ᠢ ᠠᠭᠤᠵᠢᠷᠠᠲᠠᠯ᠎ᠠ ᠮᠡᠳᠡᠷᠡᠨ᠎ᠡ᠃      ᠠᠳᠡ ᠵᠤᠭᠠᠴᠠᠨ ᠨᠠᠭᠠᠳᠴᠤ ᠪᠠᠶᠢᠭ᠎ᠠ ᠨᠢᠭᠡᠨ ᠬᠤᠲᠠ   ᠶᠢᠨ ᠠᠷᠠᠳ᠄ ︽ᠪᠠᠶᠠᠷ ᠳᠤᠷᠠᠰᠬᠠᠯ ᠤᠨ ᠡᠳᠦᠷ ᠢ ᠵᠠᠪᠳᠤᠵᠤ ᠬᠡᠦᠬᠡᠳ   ᠢᠶᠠᠨ ᠳᠠᠭᠠᠭᠤᠯᠵᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠠᠶᠠᠷ ᠪᠠᠶᠠᠰᠤᠯ ᠢ ᠡᠳ᠋ᠯᠡᠭᠦᠯᠦᠶ᠎ᠡ᠂ ᠠᠳᠡ ᠶᠡᠭᠡ ᠬᠦᠷ ᠬᠥᠭᠵᠢᠶᠡᠨ ᠲᠠᠢ ᠪᠠᠶᠢᠨ᠎ᠠ᠂ ᠲᠡᠷᠡ ᠮᠥᠷᠲᠡᠭᠡᠨ ᠴᠠᠰᠤᠨ ᠳᠡᠭᠡᠷᠡᠬᠢ ᠮᠣᠲ᠋ᠣᠷ ᠲᠡᠷᠭᠡ᠂ ᠴᠠᠰᠤᠨ ᠴᠠᠭᠠᠷᠢᠭ᠂ ᠮᠥᠷᠭᠦᠯᠳᠦᠭᠡᠨ ᠤ ᠲᠡᠷᠭᠡ ᠨᠢ ᠴᠦ ᠶᠡᠭᠡ ᠰᠣᠨᠢᠷᠬᠠᠯᠲᠠᠢ ᠪᠠᠶᠢᠳᠠᠭ᠂ ᠬᠡᠦᠬᠡᠳ ᠤᠳ   ᠢ ᠭᠡᠷ ᠠᠴᠠ ᠪᠠᠨ ᠭᠠᠷᠭᠠᠵᠤ ᠮᠥᠰᠥ ᠴᠠᠰᠤᠨ ᠤ ᠪᠠᠶᠠᠷ ᠪᠠᠶᠠᠰᠤᠯ   ᠢ ᠡᠳ᠋ᠯᠡᠭᠦᠯᠬᠦ   ᠶᠢᠨ ᠬᠠᠮᠲᠤ ᠭᠡᠷ ᠤᠨ ᠠᠬᠠᠮᠠᠳ ᠪᠣᠯᠣᠨ ᠬᠡᠦᠬᠡᠳ ᠤᠳ ᠲᠤ ᠣᠯᠳᠠᠬᠤᠶ᠎ᠠ ᠪᠡᠷᠬᠡ ᠬᠠᠮᠳᠦ ᠳᠤ ᠪᠠᠨ ᠪᠠᠶᠢᠬᠤ ᠴᠠᠭ ᠮᠥᠴᠡ ᠶᠢ ᠡᠳ᠋ᠯᠡᠬᠦᠯᠦᠨ᠎ᠡ︾ ᠭᠡᠵᠦ ᠬᠡᠯᠡᠨ᠎ᠡ᠃    ᠮᠠᠰᠢ ᠣᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠳᠤᠮᠳᠠ᠂ ᠳᠤᠭᠤᠢ ᠶᠢᠨ ᠲᠡᠰᠢᠯᠲᠡ ᠨᠢ ᠡᠴᠢᠭᠡ ᠡᠬᠡ ᠦᠷ᠎ᠡ ᠬᠡᠦᠬᠡᠳ ᠤᠨ ᠲᠠᠮᠢᠷ ᠤᠨ ᠬᠥᠳᠡᠯᠭᠡᠭᠡᠨ ᠤ ᠲᠡᠷᠢᠭᠦᠨ ᠰᠣᠩᠭᠤᠯᠲᠠ ᠪᠣᠯᠤᠭᠰᠠᠨ ᠪᠠᠶᠢᠨ᠎ᠠ᠃ ᠬᠡᠦᠬᠡᠳ ᠤᠳ ᠭᠡᠷ ᠤᠨ ᠠᠬᠠᠮᠠᠳ ᠲᠠᠢ ᠪᠠᠨ ᠬᠠᠮᠳᠦ᠂ ᠴᠠᠰᠤᠨ ᠳᠤ ᠭᠤᠯᠭᠤᠬᠤ ᠬᠦᠷᠳᠦ ᠪᠠᠨ ᠴᠢᠷᠦᠨ ᠬᠥᠲᠥᠯ ᠤᠨ ᠣᠷᠣᠢ ᠳᠤ ᠭᠠᠷᠬᠤ ᠪᠠᠷ ᠴᠢᠷᠮᠠᠶᠢᠵᠤ᠂ ᠬᠠᠮᠤᠭ ᠥᠨᠳᠥᠷ ᠳᠡᠭᠡᠷ᠎ᠡ ᠠᠴᠠ ᠭᠤᠯᠭᠤᠨ ᠪᠠᠭᠤᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠶᠠᠰᠤᠯ ᠪᠣᠯᠣᠨ ᠰᠡᠳᠡᠯᠲᠡ ᠶᠢ ᠬᠠᠨᠲᠠᠯ᠎ᠠ ᠡᠳ᠋ᠯᠡᠵᠦ᠂ ᠬᠠᠯᠠᠭᠤᠨ ᠳᠤᠯᠠᠭᠠᠨ ᠴᠠᠭ ᠮᠥᠴᠡ ᠶᠢ ᠡᠳ᠋ᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号