ᠵᠠᠰᠠᠭ ᠤᠨ ᠣᠷᠳᠣᠨ ᠤ ᠠᠵᠢᠯ ᠤᠨ ᠢᠯᠡᠳᠬᠡᠯ | | | —— 2022 ᠣᠨ ᠤ 12 ᠰᠠᠷ᠎ᠠ ᠶᠢᠨ 30 ᠤ ᠡᠳᠦᠷ ᠡᠷᠢᠶᠡᠨ | ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠳᠡᠭᠡᠷ᠎ᠡ | | | ᠯᠦ ᠪᠦᠦ ᠳ᠋ᠦᠩ | | | ᠲᠥᠯᠥᠭᠡᠯᠡᠭᠴᠢᠳ ᠠ᠋᠄ | | ᠤᠳᠤ ᠪᠢ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠣᠷᠠᠳᠣᠭᠠᠷᠠᠢ᠃ | | ᠨᠢᠭᠡ᠂ 2022 ᠣᠨ ᠤ ᠠᠵᠢᠯ ᠤᠨ ᠡᠷᠭᠢᠴᠡᠭᠦᠯᠦᠯ | | ᠥᠩᠭᠡᠷᠡᠭᠰᠡᠨ ᠨᠢᠭᠡ ᠵᠢᠯ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠥᠭᠵᠢᠯᠲᠡ ᠶᠢᠨ ᠪᠠᠶᠢᠳᠠᠯ | ᠪᠣᠯᠣᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ | ᠳᠠᠭᠠᠷᠢᠯᠲᠠ ᠶᠢᠨ ᠡᠮᠦᠨ᠎ᠡ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ | ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ | ᠨᠢᠭᠡᠳᠬᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ | ᠤᠷᠤᠭᠰᠢᠯᠠᠵᠤ᠂ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠪᠦᠲᠦᠮᠵᠢᠲᠡᠢ ᠰᠢᠢᠳᠪᠦᠷᠢᠯᠡᠵᠦ᠂ ᠪᠣᠭᠤᠮᠲᠠ ᠶᠢᠨ ᠠᠵᠤ ᠠᠬᠤᠢ ᠪᠣᠯᠣᠨ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠬᠦᠴᠦᠲᠡᠢ ᠪᠠᠲᠤᠯᠠᠪᠠ᠃ | ᠬᠢᠵᠢᠭ ᠢ ᠡᠰᠡᠷᠭᠦᠴᠡᠬᠦ ᠬᠠᠲᠠᠭᠤ ᠪᠡᠷᠬᠡᠰᠢᠶᠡᠯᠲᠦ ᠶᠠᠪᠤᠴᠠ ᠳᠤᠮᠳᠠ᠂ ᠪᠢᠳᠡ ᠠᠷᠠᠳ ᠲᠦᠮᠡᠨ ᠢ | ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ︽ᠭᠠᠳᠠᠨ᠎ᠠ ᠠᠴᠠ ᠬᠠᠯᠳᠠᠪᠣᠷᠢᠯᠠᠨ ᠣᠷᠣᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ | ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠣᠯᠣᠨ ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ | ᠴᠢᠭᠯᠡᠯᠲᠡ ᠶᠢ ᠨᠠᠶᠢᠳᠠᠪᠤᠷᠢᠵᠢᠭᠤᠯᠬᠤ ᠶᠢ ᠢᠮᠠᠭᠲᠠ ᠲᠤᠤᠱᠯᠠᠭᠤᠯᠵᠤ᠂ ᠴᠠᠭ ᠤᠨ ᠪᠠᠶᠢᠳᠠᠯ ᠳᠤ ᠲᠣᠬᠢᠷᠠᠭᠤᠯᠤᠨ | ᠬᠢᠵᠢᠭ ᠤᠨ ᠪᠠᠶᠢᠳᠠᠯ ᠢ ᠰᠡᠷᠭᠡᠶᠢᠯᠡᠬᠦ ᠠᠷᠭ᠎ᠠ ᠪᠣᠳᠣᠯᠭ᠎ᠠ ᠪᠠᠨ ᠬᠤᠪᠢᠷᠭᠠᠵᠦ᠂ ᠪᠠᠴᠢᠮ ᠪᠠᠶᠢᠳᠠᠯ ᠢ ᠠᠷᠭᠠᠴᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠳᠠᠭ᠎ᠠ ᠪᠦᠷᠢ ᠶᠢᠨ ᠬᠢᠵᠢᠭ ᠤᠨ ᠪᠠᠶᠢᠳᠠᠯ ᠤᠨ ᠭᠡᠨᠡᠳᠲᠡ ᠶᠢᠨ | ᠳᠠᠭᠠᠷᠢᠯᠳᠠ ᠶᠢ ᠡᠷᠡᠰ ᠰᠢᠭᠤᠷᠬᠠᠢ ᠪᠠᠷ ᠬᠤᠷᠢᠭᠯᠠᠵᠦ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠢᠯᠡᠷᠡᠯ ᠦᠭᠡᠢ | ᠬᠠᠯᠳᠠᠪᠣᠷᠢᠯᠠᠭᠰᠠᠨ 651 ᠬᠦᠮᠦᠨ ᠢ ᠠᠪᠤᠷᠠᠨ ᠵᠠᠰᠠᠵᠤ᠂ ᠣᠷᠣᠨ ᠠᠶᠢᠮᠠᠭ ᠤᠨ 2 ᠪᠦᠯᠦᠭ 996 ᠰᠣᠷᠣᠭᠴᠢ ᠶᠢ | ᠭᠥᠯᠢᠶᠡᠨ ᠠᠪᠴᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠲᠠᠷᠢᠯᠭ᠎ᠠ ᠳᠡᠷᠢᠭ᠌ᠰᠠᠨ ᠨᠣᠷᠮ᠎ᠠ ᠶᠢ | 99% ᠳᠤ ᠬᠦᠷᠭᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ | ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠂ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ | ᠰᠡᠷᠭᠦᠭᠡᠬᠦ ᠳᠤ ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠵᠦ ᠥᠭᠪᠡ᠃ | ᠨᠢᠭᠡ ᠵᠢᠯ ᠤᠨ ᠲᠤᠷᠰᠢ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠣᠯᠳᠠᠭᠤ ᠳᠣᠣᠷᠠᠬᠢ ᠠᠵᠢᠯ ᠤᠳ ᠢ ᠬᠢᠪᠡ | ᠃ | ᠨᠢᠭᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠳᠠᠶᠢᠵᠢᠭᠤᠯᠪᠠ᠃ ᠪᠡᠯᠡ | ᠮᠥᠩᠭᠦᠨ ᠤ ᠡᠯᠧᠮᠧᠨ᠋ᠲ ᠤᠨ ᠲᠦᠷᠦᠯ ᠵᠦᠢᠯ ᠢ ᠳᠠᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠪᠠᠳᠣᠯᠠᠭ᠎ᠠ ᠨᠢ | ᠲᠦᠷᠦᠯ ᠵᠦᠢᠯ ᠢ ᠲᠣᠭᠤᠷᠢᠨ ᠰᠢᠯᠵᠢᠵᠦ᠂ ᠡᠩ ᠤᠨ ᠵᠢᠭᠡᠯᠡᠯᠭᠡ ᠶᠢᠨ ᠳᠡᠮᠳᠡᠭᠳᠦ᠂ ᠲᠤᠰᠬᠠᠢ ᠵᠦᠢᠯ ᠤᠨ ᠵᠢᠭᠡᠯᠡᠯᠭᠡ | ᠶᠢᠨ ᠳᠡᠮᠳᠡᠭᠳᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ 4.09 ᠳ᠋ᠦᠩᠰᠢᠭᠤᠷ ᠲᠥᠭᠦᠷᠢᠭ | ᠢ ᠬᠦᠭᠡᠭᠡᠴᠡᠯᠳᠦᠨ ᠣᠯᠵᠦ᠂ ᠬᠤᠳᠠᠯᠳᠤᠭᠠᠴᠢᠨ ᠤᠷᠢᠬᠤ ᠲᠦᠷᠦᠯ ᠵᠦᠢᠯ ᠢ 20 ᠲᠦᠷᠦᠯ ᠢ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠪᠠ ᠨᠡᠶᠢᠭᠡᠮ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ 53 ᠲᠦᠷᠦᠯ ᠢ ᠠᠵᠢᠯ | ᠡᠬᠢᠯᠡᠬᠦᠯᠪᠡ᠃ ᠵᠢᠨᠢᠩ — ᠡᠷᠢᠶᠡᠨ ᠱᠤᠭᠤᠮ ᠤᠨ ᠡᠷᠢᠶᠡᠨ ᠥᠷᠲᠡᠭᠡ ᠶᠢᠨ ᠴᠢᠳᠠᠮᠵᠢ ᠶᠢ ᠥᠷᠭᠡᠳᠬᠡᠨ | ᠥᠭᠡᠷᠡᠴᠢᠯᠡᠬᠦ ᠲᠥᠷᠥᠯ ᠵᠦᠢᠯ ᠤᠨ ᠠᠵᠢᠯ ᠢ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠵᠠᠰᠠᠮᠠᠯ ᠵᠠᠮ ᠤᠨ | ᠪᠣᠭᠤᠮᠲᠠ ᠶᠢᠨ ᠠᠭᠤᠷᠬᠠᠢ ᠶᠢᠨ ᠭᠠᠷᠤᠯᠲᠠ ᠶᠢᠨ ᠲᠤᠰᠬᠠᠢ ᠨᠡᠪᠲᠡᠷᠡᠬᠦ ᠵᠠᠮ᠂ ᠴᠢᠩᠭᠡᠯᠢᠭ ᠢ ᠳᠡᠭᠦᠵᠢᠯᠡᠨ ᠤᠭᠰᠠᠷᠠᠬᠤ | ᠲᠠᠯᠠᠪᠤᠷ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠵᠢᠯᠣᠭᠤᠴᠢ ᠦᠭᠡᠢ | ᠣᠶᠤᠨᠲᠤ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠤᠯᠤᠰ ᠤᠨ ᠵᠠᠮ ᠤᠨ 331 | ᠱᠤᠭᠤᠮ ᠤᠨ ᠡᠷᠢᠶᠡᠨ ᠠᠴᠠ ᠠᠶᠢᠷᠠᠭ ᠰᠦᠮ᠎ᠡ ᠬᠦᠷᠬᠦ ᠬᠡᠰᠡᠭ᠂ ᠡᠷᠢᠶᠡᠨ — ᠭᠤᠸᠠᠩᠵᠸᠦ ᠴᠢᠭᠯᠡᠯ ᠤᠨ | ᠬᠤᠷᠳᠣᠨ ᠤ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ ᠱᠤᠭᠤᠮ ᠤᠨ | ᠪᠠᠷᠢᠯᠭ᠎ᠠ ᠶᠢ ᠳᠠᠭᠤᠰᠬᠠᠵᠤ ᠲᠡᠷᠭᠡ ᠨᠡᠪᠲᠡᠷᠡᠭᠦᠯᠦᠨ᠂ ᠣᠯᠠᠨ ᠤᠯᠤᠰ ᠤᠨ ᠠᠭᠠᠷ ᠤᠨ ᠠᠶᠠᠯᠠᠯ ᠤᠨ ᠪᠣᠭᠤᠮᠲᠠ ᠶᠢ | ᠰᠢᠯᠭᠠᠨ ᠪᠠᠶᠢᠴᠠᠭᠠᠯᠳᠠ ᠶᠢᠨ ᠨᠥᠬᠦᠴᠡᠯ ᠢ ᠪᠦᠷᠢᠯᠳᠦᠭᠦᠯᠪᠡ᠃ 3 ᠳ᠋ᠦᠩᠰᠢᠭᠤᠷ ᠭᠠᠷᠤᠢ ᠲᠥᠭᠦᠷᠢᠭ ᠤᠨ ᠪᠡᠯᠡ | ᠮᠥᠩᠭᠦ ᠴᠤᠭᠯᠠᠭᠤᠯᠤᠨ ᠬᠤᠳᠠ ᠶᠢᠨ ᠤᠰᠤ ᠬᠠᠩᠭᠠᠬᠤ ᠤᠰᠤ ᠵᠠᠯᠠᠬᠤ ᠵᠢᠴᠢ ᠪᠣᠬᠢᠷ ᠤᠰᠤᠨ ᠤ ᠬᠤᠭᠤᠯᠠᠢ ᠶᠢᠨ | ᠲᠣᠣᠷ ᠢ ᠥᠭᠡᠷᠡᠴᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠂ | ᠭᠤᠣᠯᠳᠠᠯᠭ᠎ᠠ ᠲᠠᠢ ᠵᠡᠭᠡᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠠᠵᠢᠯ ᠢ ᠳᠠᠭᠤᠰᠬᠠᠨ ᠠᠰᠢᠭᠯᠠᠯᠲᠠ ᠳᠤ | ᠣᠷᠣᠭᠤᠯᠪᠠ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠳᠦᠯᠬᠢᠨ ᠠᠬᠢᠭᠤᠯᠵᠦ᠂ ᠵᠦᠩ ᠵᠢᠢ ᠰᠢ ᠠᠨ ᠲᠡᠮᠦᠷ ᠤᠨ ᠨᠠᠷᠢᠯᠢᠭ ᠨᠤᠨᠳᠠᠭ | ᠤᠨ ᠥᠷᠭᠡᠳᠬᠡᠨ ᠪᠠᠶᠢᠭᠤᠯᠬᠤ᠂ ᠠ ᠯᠧ ᠹᠦ᠋ ᠲᠡᠮᠦᠷ ᠤᠨ ᠨᠠᠷᠢᠯᠢᠭ ᠨᠤᠨᠳᠠᠭ ᠤᠨ ᠮᠡᠷᠭᠡᠵᠢᠯ ᠤᠨ ᠥᠭᠡᠷᠡᠴᠢᠯᠡᠯᠲᠡ᠂ | ᠭᠦ᠋ ᠹᠧᠩ ᠠᠮᠤ ᠲᠣᠰᠣ᠂ ᠾᠦᠢ ᠲᠦᠩ ᠭᠠᠳᠠᠭᠠᠳᠦ ᠠᠴᠠ ᠣᠷᠣᠭᠤᠯᠬᠤ ᠬᠦᠢᠳᠡᠨ ᠬᠡᠯᠬᠢᠶ᠎ᠡ ᠵᠡᠷᠭᠡ ᠨᠢᠭᠡ ᠪᠦᠯᠦᠭ | ᠲᠦᠷᠦᠯ ᠵᠦᠢᠯ ᠢ ᠲᠦᠷᠭᠡᠪᠴᠢᠯᠡᠨ ᠪᠦᠲᠦᠭᠡᠨ ᠪᠠᠶᠢᠭᠤᠯᠪᠠ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ | ᠬᠠᠯᠳᠠᠪᠤᠷᠢᠲᠤ ᠡᠪᠡᠳᠴᠢᠨ ᠤ ᠲᠣᠭᠤᠷᠢᠭ ᠢ ᠥᠭᠡᠷᠡᠴᠢᠯᠡᠬᠦ᠂ ᠰᠢᠨ᠎ᠡ ᠪᠠᠷ ᠪᠠᠶᠢᠭᠤᠯᠣᠭᠰᠠᠨ ᠨᠣᠮ ᠤᠨ ᠰᠠᠩ ᠤᠨ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ᠂ ᠡᠷᠢᠶᠡᠨ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ | ᠠᠵᠢᠯ ᠢ ᠳᠠᠭᠤᠰᠬᠠᠨ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠵᠡᠷᠭᠡ ᠰᠤᠷᠭᠠᠨ | ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠠᠬᠢᠴᠠ ᠤᠷᠤᠭᠰᠢᠲᠠᠢ᠃ | ᠡᠷᠲᠡ ᠲᠥᠯᠥᠪᠵᠢᠭᠦᠯᠬᠦ᠂ ᠡᠷᠲᠡ ᠪᠠᠶᠢᠷᠢᠯᠠᠭᠤᠯᠬᠤ᠂ ᠡᠷᠲᠡ ᠲᠣᠬᠢᠷᠠᠭᠤᠯᠬᠤ ᠶᠢ ᠪᠠᠷᠢᠮᠲᠠᠯᠠᠵᠤ᠂ 2023 ᠣᠨ ᠳᠤ | 77 ᠬᠤᠳᠠ ᠶᠢᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ᠂ 11 ᠠᠶᠢᠮᠠᠭ ᠤᠨ ᠲᠡᠰ ᠤᠨ ᠭᠤᠣᠯᠳᠠᠯᠭ᠎ᠠ ᠲᠠᠢ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠤᠷᠤᠭᠰᠢᠲᠠᠢ ᠶᠠᠪᠤᠭᠳᠠᠭᠤᠯᠵᠤ᠂ ᠡᠭᠦᠨ ᠳᠤ | ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠦᠭᠰᠡᠨ | ᠨᠤᠷᠮ᠎ᠠ 96% ᠲᠤ ᠬᠦᠷᠴᠦ᠂ ᠢᠷᠡᠬᠦ ᠵᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ ᠳᠤ | ᠰᠠᠭᠤᠷᠢ ᠲᠠᠯᠪᠢᠪᠠ᠃ | ᠬᠤᠶᠠᠷ ᠲᠤ᠂ ᠭᠠᠳᠠᠭᠠᠳᠦ ᠨᠡᠭᠡᠭᠡᠯᠲᠡ ᠶᠢ ᠦᠷᠭᠦᠯᠵᠢᠯᠡᠨ ᠲᠦᠯᠬᠢᠨ ᠠᠬᠢᠭᠤᠯᠪᠠ᠃ ᠳᠤᠮᠳᠠᠳᠤ ᠮᠣᠩᠭᠤᠯ ᠤᠨ ᠠᠵᠤ | ᠠᠬᠤᠢ ᠶᠢᠨ ᠬᠠᠮᠲᠤᠷᠠᠯᠴᠠᠭᠠᠨ ᠤ ᠳᠣᠭᠤᠷᠢᠭ ᠤᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ | ᠬᠡᠯᠡᠯᠴᠡᠭᠡᠷ ᠵᠢᠩᠬᠢᠨᠢ ᠪᠠᠷ ᠬᠦᠴᠦᠨ ᠲᠠᠢ ᠪᠣᠯᠵᠤ᠂ ᠳᠤᠮᠳᠠᠳᠤ ᠶᠢᠨ ᠳᠠᠯ᠎ᠠ ᠶᠢᠨ ᠣᠷᠣᠨ ᠪᠦᠰᠡ ᠶᠢᠨ ᠪᠦᠳᠦᠭᠡᠨ | ᠪᠠᠶᠢᠭᠤᠯᠣᠯᠳᠠ ᠶᠢᠨ ᠡᠷᠡᠮᠡᠯᠵᠢᠯᠡᠯ ᠤᠨ ᠠᠵᠢᠯ ᠢ ᠡᠮᠬᠢ ᠵᠢᠷᠤᠮ ᠲᠠᠢ ᠠᠬᠢᠭᠤᠯᠪᠠ︔ ᠬᠢᠯᠢ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠳᠣᠭᠤᠷᠢᠭ ᠢ ᠤᠯᠠᠭᠠᠨᠴᠠᠪ ︱ ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠲᠣᠭᠤᠷᠢᠭ ᠲᠤ ᠵᠢᠭᠰᠠᠭᠠᠨ ᠣᠷᠣᠭᠤᠯᠵᠤ᠂ ᠬᠢᠯᠢ ᠬᠢᠵᠠᠭᠠᠷ ᠤᠨ ᠬᠠᠷᠢᠯᠴᠠᠨ ᠬᠦᠳᠡᠯᠣᠯᠴᠡᠨ | ᠬᠥᠭᠵᠢᠬᠦ ᠠᠴᠢᠶᠠᠯᠠᠪᠤᠷᠢ ᠶᠢ ᠦᠷᠭᠦᠯᠵᠢᠯᠡᠨ ᠲᠡᠭᠦᠯᠳᠡᠷᠵᠢᠭᠦᠯᠪᠡ︔ ᠬᠢᠯᠢ ᠶᠢᠨ ᠢᠷᠭᠡᠳ ᠤᠨ ᠬᠤᠳᠠᠯᠳᠣᠭᠠᠨ ᠤ | ᠲᠣᠭᠤᠷᠢᠭ ᠤᠨ ᠬᠠᠷᠢᠯᠴᠠᠨ ᠠᠷᠠᠯᠵᠢᠶᠠᠯᠠᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠳᠤ ᠰᠡᠷᠭᠦᠭᠡᠨ ᠡᠵᠡᠩᠨᠡᠬᠦ | ᠨᠥᠬᠦᠴᠡᠯ ᠢ ᠪᠦᠷᠢᠳᠦᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠲᠠᠪᠴᠠᠩ ᠢ ᠲᠦᠷᠭᠡᠳᠬᠡᠨ ᠪᠠᠶᠢᠭᠤᠯᠪᠠ᠃ ︽ | ᠢᠨᠲ᠋ᠧᠷ ᠰᠦᠯᠵᠢᠶ᠎ᠡ + ᠬᠢᠯᠢ ᠶᠢᠨ ᠠᠷᠠᠯᠵᠢᠶ᠎ᠠ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ | ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠳᠣᠭᠤᠷᠢᠭ ᠢ | ᠪᠠᠶᠢᠭᠤᠯᠤᠨ ᠡᠵᠡᠩᠨᠡᠯᠲᠡ ᠳᠤ ᠣᠷᠣᠭᠤᠯᠪᠠ᠃ ᠥᠷᠭᠡᠨ ᠴᠠᠷᠭᠤᠳᠦ ᠲᠡᠮᠦᠷ ᠵᠠᠮ ᠤᠨ ᠪᠣᠴᠠᠯᠳᠠ ᠶᠢᠨ ᠲᠡᠷᠭᠡ ᠪᠣᠯᠣᠨ | ᠴᠢᠩᠭᠡᠯᠢᠭ ᠤᠨ ᠲᠡᠭᠡᠭᠡᠪᠦᠷᠢ ᠶᠢᠨ ᠳᠠᠪᠠᠭᠤᠯᠢᠭ ᠢ ᠭᠦᠨ ᠠᠭᠤᠳᠠᠯᠵᠤ᠂ ︽ᠡᠷᠢᠶᠡᠨ ᠨᠡᠷᠡᠮᠵᠢᠲᠦ︾ ᠳᠤᠮᠳᠠᠳᠤ | ᠮᠣᠩᠭᠤᠯ ᠤᠨ ᠡᠷᠢᠶᠡᠨ ᠬᠤᠲᠠ ︱ ᠤᠯᠠᠭᠠᠨᠪᠠᠭᠠᠲᠤᠷ ᠤᠨ ᠥᠷᠭᠡᠨ ᠴᠠᠷᠭᠤᠳᠦ ᠭᠠᠯᠲᠤ ᠲᠡᠷᠭᠡ ᠶᠢ ᠨᠡᠪᠳᠡᠷᠡᠬᠦᠯᠪᠡ᠃ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢ | ᠴᠢᠩᠭᠠᠳᠬᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠱᠤᠭᠤᠮ ᠢ 63 ᠵᠤᠷᠪᠤᠰ ᠪᠣᠯᠭᠠᠨ | ᠨᠡᠮᠡᠭᠳᠡᠭᠦᠯᠵᠦ᠂ ᠵᠢᠱᠢᠯᠲᠡ ᠪᠠᠷ ᠪᠦᠬᠦ ᠵᠢᠯ ᠳᠤ 2700 ᠴᠤᠪᠤᠭ᠎ᠠ ᠲᠡᠷᠭᠡ ᠶᠢ ᠰᠢᠯᠭᠠᠨ ᠪᠠᠶᠢᠴᠠᠭᠠᠨ᠎ᠠ᠃ ᠵᠠᠰᠠᠮᠠᠯ | ᠵᠠᠮ ᠤᠨ ᠪᠣᠭᠤᠮᠲᠠ ᠶᠢᠨ ᠪᠥᠬᠦ ᠶᠠᠪᠣᠴᠠ ᠳᠤ ᠳᠡᠭᠦᠵᠢᠯᠡᠨ ᠠᠴᠢᠶᠠᠯᠠᠵᠤ ᠲᠡᠭᠡᠭᠡᠪᠦᠷᠢᠯᠡᠬᠦ᠂ ᠵᠠᠳᠠᠭᠠᠢ ᠣᠷᠣᠶᠢᠳᠦ | ᠴᠢᠩᠭᠡᠯᠢᠭ ᠤᠨ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ︱ ᠤᠯᠤᠰ ᠤᠨ ᠳᠣᠲᠣᠭᠠᠳᠤ ᠶᠢᠨ ᠡᠷᠭᠢᠯᠲᠡ ᠶᠢᠨ | ᠰᠢᠨ᠎ᠡ ᠵᠠᠭᠪᠤᠷ ᠢ ᠬᠡᠷᠡᠭᠵᠢᠭᠦᠯᠵᠦ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ | ᠱᠠᠩᠨᠠᠨ ᠵᠣᠷᠢᠭᠵᠢᠭᠤᠯᠬᠤ ᠲᠤᠷᠰᠢᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠂ ᠪᠥᠬᠦ ᠲᠥᠷᠥᠯ ᠤᠨ ᠲᠠᠸᠠᠷ ᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠪᠥᠬᠦ ᠲᠠᠯ᠎ᠠ ᠪᠠᠷ ᠰᠡᠷᠭᠦᠭᠡᠵᠦ᠂ ᠵᠢᠱᠢᠯᠲᠡ ᠪᠠᠷ ᠪᠥᠬᠦ | ᠵᠢᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ | 1400 ᠲᠦᠮᠡᠨ ᠲᠣᠨ᠂ ᠠᠷᠠᠯᠵᠢᠶᠠᠨ ᠤ ᠦᠷᠳᠡᠭ ᠢ 260 ᠳ᠋ᠦᠩᠰᠢᠭᠤᠷ ᠳᠦᠬᠦᠷᠢᠭ ᠲᠤ ᠬᠦᠷᠭᠡᠨ᠎ᠡ᠃ | ᠭᠤᠷᠪᠠ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠪᠠ᠃ ᠠᠵᠤ | ᠠᠬᠤᠶᠢᠯᠠᠯ ᠢ ᠳᠡᠮᠵᠢᠨ ᠬᠦᠴᠢᠷᠳᠡᠯ ᠠᠴᠠ ᠲᠠᠶᠢᠯᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠵᠡᠷᠭᠡᠪᠡᠷ | ᠠᠳᠬᠤᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠵᠤ ᠠᠬᠤᠶᠢᠯᠠᠯ ᠢ ᠳᠡᠮᠵᠢᠬᠦ | ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠬᠠᠮ ᠬᠡᠯᠪᠡᠷᠢ ᠶᠢᠨ ᠭᠠᠶᠢᠯᠢ ᠶᠢᠨ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 2 ᠳ᠋ᠦᠩᠰᠢᠭᠤᠷ ᠲᠥᠭᠦᠷᠢᠭ ᠤᠨ ᠭᠠᠶᠢᠯᠢ ᠶᠢ | ᠬᠠᠰᠤᠵᠤ ᠬᠡᠯᠲᠦᠷᠢᠭᠦᠯᠵᠦ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ 2.2 ᠲᠦᠮᠡᠨ ᠡᠷᠦᠬᠡ ᠳᠤ ︵ᠤᠳᠠᠭ᠎ᠠ︶ | ᠠᠰᠢᠭ ᠬᠦᠷᠲᠡᠭᠡᠪᠡ᠃ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ 4 ᠡᠭᠡᠯᠵᠢ ᠶᠢᠨ ᠬᠡᠷᠡᠭᠯᠡᠭᠡᠨ ᠤ | ᠲᠡᠮᠳᠡᠭᠲᠦ ᠲᠠᠷᠬᠠᠭᠠᠵᠤ᠂ 1678 ᠲᠦᠮᠡᠨ ᠲᠥᠭᠦᠷᠢᠭ ᠤᠨ ᠬᠡᠷᠡᠭᠯᠡᠭᠡ ᠶᠢ ᠰᠢᠭᠤᠳ ᠳᠠᠶᠢᠴᠢᠯᠠᠪᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠶᠢᠨ | ᠬᠥᠭᠵᠢᠯᠲᠡ ᠶᠢ ᠳᠡᠮᠵᠢᠵᠦ᠂ 249 ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠦᠷᠭᠦᠯᠵᠢᠯᠡᠨ ᠵᠢᠭᠡᠯᠡᠯᠭᠡ ᠲᠠᠯᠪᠢᠬᠤ᠂ ᠡᠬᠡ ᠮᠥᠩᠭᠦ ᠪᠠ ᠬᠦᠦ ᠮᠥᠩᠭᠦ ᠶᠢ | ᠬᠤᠶᠢᠰᠢᠯᠠᠭᠤᠯᠤᠨ ᠪᠤᠴᠠᠭᠠᠬᠤ 388 ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠵᠣᠭᠤᠰ ᠤᠨ ᠲᠤᠭ᠎ᠠ ᠨᠢ 6.32 | ᠳ᠋ᠦᠩᠰᠢᠭᠤᠷ ᠲᠥᠭᠦᠷᠢᠭ ᠲᠤ ᠬᠦᠷᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠳᠡ ᠶᠢᠨ | ᠳᠠᠷᠤᠯᠲᠠ ᠶᠢ ᠶᠡᠭᠡ ᠪᠠᠷ ᠬᠥᠩᠭᠡᠷᠡᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠲᠡᠷᠡ ᠳᠠᠷᠤᠢ ᠳᠤᠨᠢ ᠬᠦᠢᠴᠡᠳᠭᠡᠬᠦ᠂ ᠥᠪᠡᠷ ᠤᠨ | ᠥᠷᠲᠡᠭ ᠦᠭᠡᠢ ᠪᠠᠶᠢᠬᠤ ᠶᠢ ᠪᠡᠶᠡᠯᠡᠭᠦᠯᠦᠨ᠂ ︽ᠬᠤᠶᠠᠷ ᠢ ᠰᠣᠭᠤᠴᠢᠵᠦ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠬᠦᠯᠪᠡ᠃ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ + ︽ | ᠬᠤᠶᠠᠷ ᠠᠯᠬᠤᠮ ᠢᠶᠠᠷ ᠮᠡᠳᠡᠭᠦᠯᠬᠦ︾ ᠵᠡᠷᠭᠡ ᠪᠣᠭᠤᠮᠲᠠ ᠪᠠᠷ ᠥᠩᠭᠡᠷᠡᠭᠦᠯᠬᠦ ᠳᠥᠭᠦᠮ ᠳᠥᠲᠡ ᠵᠠᠭᠪᠤᠷ ᠢ | ᠲᠣᠭᠲᠠᠭᠤᠨ ᠢᠶᠠᠷ ᠥᠷᠭᠡᠳᠬᠡᠵᠦ᠂ ᠪᠣᠭᠤᠮᠲᠠ ᠶᠢᠨ ᠰᠢᠯᠭᠠᠨ ᠪᠠᠶᠢᠴᠠᠭᠠᠯᠲᠠ ᠳᠤ ᠬᠠᠮᠲᠤᠷᠠᠨ ᠠᠵᠢᠯᠯᠠᠬᠤ᠂ | ᠪᠠᠶᠢᠴᠠᠭᠠᠨ ᠰᠢᠯᠭᠠᠵᠤ ᠬᠠᠮᠲᠤᠪᠠᠷ ᠭᠥᠷᠳᠡᠬᠦ᠂ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠬᠦᠯᠪᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠢᠳᠠᠮᠵᠢ ᠶᠢ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ | ᠦᠢᠯᠡᠴᠢᠯᠡᠭᠡᠨ ᠤ ᠲᠦᠷᠦᠯ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ︽ᠣᠷᠣᠭᠤᠯᠬᠤ ᠶᠣᠰᠣᠲᠠᠢ ᠶᠢ ᠨᠢ | ᠵᠠᠪᠠᠯ ᠣᠷᠣᠭᠤᠯᠬᠤ︾ ᠶᠢ ᠪᠡᠶᠡᠯᠡᠬᠦᠯᠪᠡ᠃ ︽ᠳᠥᠷᠪᠡ ᠶᠢ ᠭᠦᠢᠴᠡᠳᠬᠡᠬᠦ︾ ᠠᠵᠢᠯ ᠢ ᠳᠡᠷᠢᠬᠦᠨ ᠳᠤ ᠳᠠᠯᠪᠢᠵᠦ᠂ ︽ | ᠨᠢᠭᠡ ᠰᠦᠯᠵᠢᠶᠡᠨ ᠳᠡᠭᠡᠷ᠎ᠡ ᠬᠦᠢᠴᠡᠳᠬᠡᠬᠦ︾ ᠲᠠᠪᠴᠠᠩ ᠳᠤ ᠪᠦᠷᠢᠳᠭᠡᠭᠰᠡᠨ ᠰᠠᠯᠠᠭ᠎ᠠ ᠮᠥᠴᠢᠷ ᠨᠡᠮᠡᠭᠳᠡᠭᠡᠳ 51 | ᠪᠣᠯᠵᠤ᠂ ᠭᠦᠢᠴᠡᠳᠬᠡᠵᠦ ᠪᠣᠯᠬᠤ ᠠᠵᠢᠯ ᠲᠦᠷᠦᠯ 1778 ᠪᠣᠯᠵᠤ᠂ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠪᠠ ᠪᠥᠬᠦ ᠣᠷᠣᠨ ᠳᠤ ᠨᠡᠶᠢᠳᠡᠮ ᠭᠦᠢᠴᠡᠳᠬᠡᠬᠦ ᠶᠢ | ᠪᠡᠶᠡᠯᠡᠭᠦᠯᠪᠡ᠃ | ᠳᠥᠷᠪᠡ ᠳᠤ᠂ ᠠᠷᠠᠳ ᠤᠨ ᠠᠮᠢᠳᠣᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ ᠠᠷᠠᠳ ᠤᠨ | ᠠᠮᠢᠳᠣᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠵᠢᠯ ᠣᠯᠭᠤᠯᠲᠠ ᠶᠢ ᠤᠷᠢᠳ ᠢᠶᠠᠷ ᠲᠣᠭᠲᠠᠪᠤᠷᠢᠵᠢᠭᠤᠯᠵᠤ | ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠳᠤ 1800 ᠲᠦᠮᠡᠨ ᠲᠥᠭᠦᠷᠢᠭ ᠤᠨ ᠨᠥᠬᠦᠪᠦᠷᠢ | ᠣᠯᠭᠤᠵᠤ᠂ ᠠᠵᠢᠯ ᠣᠯᠭᠤᠯᠲᠠ ᠳᠤ 5000 ᠭᠠᠷᠤᠢ ᠬᠥᠮᠥᠨ ︵ᠤᠳᠠᠭ᠎ᠠ︶ ᠳᠤ ᠠᠰᠢᠭ ᠬᠦᠷᠲᠡᠭᠡᠪᠡ᠃ ᠠᠵᠢᠯ | ᠠᠯᠳᠠᠯᠲᠠ ᠶᠢᠨ ᠳᠠᠭᠠᠳᠬᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠡᠯ᠎ᠡ ᠲᠥᠷᠥᠯ ᠤᠨ ᠨᠥᠬᠦᠪᠦᠷᠢ ᠶᠢ 322 ᠲᠦᠮᠡᠨ ᠲᠥᠭᠦᠷᠢᠭ ᠲᠠᠷᠬᠠᠭᠠᠵᠤ᠂ ᠰᠢᠨ᠎ᠡ ᠪᠠᠷ ᠠᠵᠢᠯ ᠡᠬᠢᠯᠡᠭᠦᠯᠦᠭᠰᠡᠨ | ᠲᠥᠷᠥᠯ ᠵᠦᠢᠯ ᠤᠨ ᠪᠠᠷᠢᠯᠭ᠎ᠠ ᠶᠢᠨ ᠠᠵᠢᠯᠲᠠᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ | ᠣᠷᠤᠯᠴᠠᠬᠤ ᠨᠣᠷᠮ᠎ᠠ ᠶᠢ 100% ᠳᠤ ᠬᠦᠷᠭᠡᠪᠡ᠃ 1120 ᠲᠦᠮᠡᠨ ᠲᠥᠭᠦᠷᠢᠭ ᠤᠨ ᠠᠷᠠᠳ ᠲᠤ ᠠᠰᠢᠭ | ᠬᠦᠷᠳᠡᠭᠡᠬᠦ ᠢᠯᠴᠢ ᠬᠠᠩᠭᠠᠬᠤ ᠨᠥᠬᠦᠪᠦᠷᠢ ᠶᠢ ᠨᠠᠶᠢᠳᠠᠪᠤᠷᠢᠵᠢᠭᠤᠯᠵᠤ᠂ ᠪᠠᠶᠢᠰᠢᠩ ᠭᠡᠷ ᠲᠤ 4205 ᠲᠣᠨ | ᠰᠢᠲᠠᠭᠠᠯᠭ᠎ᠠ ᠶᠢᠨ ᠨᠡᠭᠦᠷᠡᠰᠦ ᠨᠥᠬᠦᠪᠦᠷᠢᠯᠡᠵᠦ᠂ 3.1 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ | ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ | ᠠᠰᠠᠷᠠᠨ ᠰᠤᠪᠢᠯᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ | ᠲᠤᠰᠠᠯᠠᠬᠤ ᠪᠡᠯᠡ ᠮᠥᠩᠭᠦ ᠶᠢ 767.99 ᠲᠦᠮᠡᠨ ᠲᠥᠭᠦᠷᠢᠭ ᠲᠠᠷᠬᠠᠭᠠᠵᠤ᠂ ᠠᠷᠠᠳ ᠤᠨ ᠠᠮᠢᠳᠤᠷᠠᠯ ᠤᠨ ᠭᠤᠣᠯ | ᠭᠦᠢᠴᠡᠳᠬᠡᠯ ᠲᠤᠭ᠎ᠠ ᠶᠢ ᠣᠷᠣᠨ ᠠᠶᠢᠮᠠᠭ ᠤᠨ ᠳᠡᠷᠢᠬᠦᠨ ᠡᠩᠨᠡᠭᠡᠨ ᠳᠤ ᠪᠠᠶᠢᠯᠭᠠᠬᠤ ᠶᠢ ᠪᠠᠳᠣᠯᠠᠪᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠦᠷᠭᠦᠯᠵᠢᠯᠡᠨ ᠥᠷᠨᠢᠭᠦᠯᠵᠦ᠂ 5 ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ ᠴᠦᠮ | 20 ᠲᠦᠮᠡᠨ ᠲᠥᠭᠦᠷᠢᠭ ᠢ ᠳᠠᠪᠠᠪᠠ᠃ ︽ᠬᠤᠶᠠᠷ ᠢ ᠬᠦᠩᠭᠡᠯᠡᠬᠦ︾ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ 19 ᠡᠷᠦᠬᠡ ᠰᠤᠷᠭᠠᠭᠤᠯᠢ ᠶᠢᠨ ᠭᠠᠳᠠᠨᠠᠬᠢ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠬᠦᠴᠦᠨ ᠦᠭᠡᠢ ᠪᠣᠯᠭᠠᠪᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠥᠬᠦ | ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠢᠨᠠᠯᠳᠠ ᠶᠢᠨ ᠲᠠᠪᠴᠠᠩ︾ ︽ᠠᠶᠢᠮᠠᠭ ᠤᠨ | ᠬᠦᠢᠲᠡᠨ ᠬᠡᠯᠬᠢᠶ᠎ᠡ︾ ᠵᠡᠷᠭᠡ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠬᠡᠷᠡᠭᠵᠢᠭᠦᠯᠵᠦ᠂ | ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠳᠣᠯᠠᠪᠠ᠃ | ᠲᠠᠪᠤ ᠳᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠬᠦᠯᠪᠡ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠨᠠᠢᠮᠠᠳᠤᠭᠠᠷ ᠲᠠᠪᠤᠨ | ᠵᠢᠯ ᠤᠨ ᠬᠠᠤᠯᠢ ᠶᠢ ᠲᠦᠭᠡᠮᠡᠯᠵᠢᠭᠦᠯᠬᠦ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠣᠷᠠᠳᠣᠯᠭ᠎ᠠ ᠶᠢ ᠬᠦᠢᠴᠡᠳᠬᠡᠵᠦ ᠬᠠᠷᠢᠭᠤᠯᠳᠠ ᠦᠭᠪᠡ᠃ ᠴᠥᠭᠡᠨ ᠬᠤᠷᠠᠯ ᠬᠢᠬᠦ᠂ ᠳᠦᠬᠦᠮ ᠬᠤᠷᠠᠯ ᠬᠢᠬᠦ ᠶᠢ | ᠪᠠᠷᠢᠮᠲᠠᠯᠠᠵᠤ᠂ ᠨᠢᠭᠡᠳᠦᠭᠡᠷ ᠹᠷᠣᠨᠲ ᠲᠤ ᠠᠵᠢᠯᠯᠠᠬᠤ᠂ ᠲᠤᠬᠠᠢ ᠶᠢᠨ ᠲᠠᠯᠠᠪᠤᠷ ᠲᠤ ᠠᠵᠢᠯᠯᠠᠬᠤ ᠶᠢ ᠭᠡᠷᠡᠭᠵᠢᠬᠦᠯᠦᠨ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠪᠡ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠭᠦᠢᠴᠡᠳᠬᠡᠵᠦ | ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ | ᠲᠦᠷᠪᠡᠨ ᠰᠤᠷᠲᠠᠯ︾ ᠢ ᠤᠷᠳᠤ ᠬᠤᠭᠤᠴᠠᠭ᠎ᠠ ᠪᠠᠷ ᠴᠡᠭᠴᠡᠯᠡᠨ ᠵᠠᠰᠠᠬᠤ ᠶᠢ ᠪᠠᠷᠢᠮᠳᠠᠯᠠᠪᠠ᠃ ︽ᠲᠠᠪᠤᠨ ᠨᠢᠭᠡ︾ | ᠶᠢᠨ ᠵᠦᠷᠢᠴᠡᠯ ᠢ ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠵᠦ᠂ ᠳᠡᠭᠡᠷ᠎ᠡ ᠭᠤᠷᠪᠠᠨ ᠱᠠᠲᠤᠨ ᠤ ᠲᠤᠰᠢᠶᠠᠨ | ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ 100% ᠪᠠᠷ ᠰᠢᠢᠳᠪᠦᠷᠢᠯᠡᠵᠦ᠂ ᠰᠦᠯᠵᠢᠶᠡᠨ | ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ︽ᠭᠤᠷᠪᠠᠨ ᠨᠤᠷᠮ᠎ᠠ︾ ᠶᠢ 100% ᠳᠤ ᠬᠦᠷᠭᠡᠪᠡ᠃ ︽ᠣᠶᠤᠨᠲᠤ | ᠬᠢᠯᠢ ᠶᠢᠨ ᠬᠠᠮᠠᠭᠠᠯᠠᠯᠲᠠ︾ ᠶᠢᠨ ᠰᠢᠰᠲ᠋ᠧᠮ ᠢ ᠰᠢᠯᠢᠳᠡᠭᠵᠢᠭᠦᠯᠵᠦ᠂ ︽ᠣᠯᠠᠨ ᠴᠠᠭᠳᠠᠭ᠎ᠠ ᠬᠤᠯᠪᠤᠭᠠᠯᠠᠨ | ᠬᠥᠳᠡᠯᠦᠯᠴᠡᠬᠦ︾ ᠲᠣᠭᠤᠷᠢᠨ ᠰᠡᠷᠭᠡᠶᠢᠯᠡᠬᠦ ᠵᠠᠭᠪᠤᠷ ᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠠᠮᠤᠷ ᠲᠣᠭᠲᠠᠭᠤᠨ | ᠪᠠᠶᠢᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ | ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ | ᠬᠦᠷᠢᠶᠡᠨ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠳᠣᠯᠠᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠪᠥᠬᠦ | ᠲᠠᠯ᠎ᠠ ᠪᠠᠷ ᠰᠡᠷᠭᠡᠶᠢᠯᠡᠨ ᠠᠷᠢᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ | ᠪᠡᠶᠡᠯᠡᠭᠦᠯᠵᠦ᠂ ᠡᠷᠢᠶᠡᠨ ᠬᠤᠲᠠ ᠶᠢᠨ ᠬᠥᠳᠡᠭᠡ ᠲᠣᠰᠬᠤᠨ ᠤ ᠬᠠᠮᠳᠣᠷᠠᠭᠰᠠᠨ ᠪᠠᠩᠬᠢ ᠶᠢᠨ ᠡᠷᠡᠭᠦᠯ ᠪᠤᠰᠤ | ᠬᠥᠷᠥᠩᠭᠡ ᠶᠢ ᠪᠦᠲᠦᠮᠵᠢᠳᠡᠢ ᠰᠢᠢᠳᠪᠣᠷᠢᠯᠡᠪᠡ᠃ 4 ᠨᠡᠷ᠎ᠡ ᠴᠡᠷᠢᠭ ᠤᠨ ᠠᠯᠪᠠᠨ ᠠᠴᠠ ᠪᠠᠭᠤᠭᠰᠠᠳ ᠢ ᠲᠣᠬᠢᠲᠠᠢ | ᠲᠥᠪᠬᠢᠨᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ 1 ᠨᠢᠭᠡᠴᠡ᠂ | ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ 1 ᠵᠢᠱᠢᠶᠡᠴᠢ ᠬᠤᠪᠢ ᠬᠥᠮᠥᠨ ᠤ ᠴᠣᠯᠠ ᠶᠢ | ᠬᠦᠷᠲᠡᠵᠡᠢ᠃ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | 1 ᠬᠥᠮᠥᠨ ᠪᠦᠬᠦ ᠤᠯᠤᠰ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠡᠷᠢᠭᠦᠨ ᠤ ᠬᠤᠪᠢ ᠬᠥᠮᠥᠨ ᠤ | ᠢᠷᠠᠭᠤ ᠠᠯᠳᠠᠷ ᠢ ᠬᠦᠷᠳᠡᠪᠡ᠃ ︽ᠲᠠᠪᠤᠨ ᠶᠡᠭᠡ ᠪᠠᠶᠢᠴᠠᠭᠠᠨ ᠳᠣᠳᠣᠯᠠᠬᠤ︾ ᠠᠵᠢᠯ ᠢ ᠪᠦᠬᠦᠨ ᠢ | ᠬᠦᠢᠴᠡᠳᠬᠡᠪᠡ᠃ ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠨ ᠪᠣᠳᠣᠯᠲᠠ᠂ ᠭᠠᠵᠠᠷ | ᠬᠥᠳᠡᠯᠦᠯᠲᠡ ᠴᠠᠭ ᠠᠭᠤᠷ᠂ ᠰᠢᠤᠳᠠᠨ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ᠂ ᠵᠡᠮᠳᠡᠭᠴᠦᠳ ᠢ ᠲᠤᠰᠠᠯᠠᠬᠤ | ᠪᠣᠶᠠᠨ ᠤ ᠦᠢᠯᠡᠰ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ | ᠂ ᠠᠬᠠᠮᠠᠳ ᠺᠠᠳ᠋ᠷ ᠪᠣᠯᠣᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠬᠢᠴᠠ ᠲᠠᠢ | ᠪᠣᠯᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠪᠣᠯ ᠬᠠᠲᠠᠭᠤ ᠪᠡᠷᠬᠡᠰᠢᠶᠡᠯ ᠢᠶᠠᠷ ᠳᠦᠭᠦᠷᠦᠭᠰᠡᠨ ᠶᠡᠷᠦ | ᠪᠤᠰᠤ ᠶᠢᠨ ᠨᠢᠭᠡ ᠵᠢᠯ ᠶᠤᠮ᠃ ᠨᠢᠭᠡ ᠵᠢᠯ ᠤᠨ ᠲᠤᠷᠰᠢ ᠪᠢᠳᠡ ᠶᠠᠪᠤᠵᠤ ᠢᠷᠡᠭᠰᠡᠨ ᠣᠯᠠ ᠮᠦᠷ ᠢᠶᠠᠨ ᠡᠷᠬᠢᠵᠦ | ᠬᠠᠷᠠᠬᠤ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠢᠭᠡ ᠰᠡᠳᠬᠢᠯ ᠨᠢᠭᠡ ᠵᠣᠷᠢᠭ ᠢᠶᠠᠷ ᠤᠷᠤᠭᠰᠢᠯᠠᠨ | ᠳᠠᠪᠰᠢᠬᠤ᠂ ᠪᠦᠯᠬᠦᠮᠳᠠᠯ ᠨᠢᠭᠡᠳᠦᠯ ᠢ ᠢᠯᠡᠷᠡᠬᠦᠯᠵᠦ ᠴᠢᠳᠠᠭᠰᠠᠨ ᠢᠶᠠᠷ ᠪᠠᠷᠠᠬᠤ ᠦᠭᠡᠢ᠂ ᠪᠠᠰᠠ ᠪᠦᠬᠦ ᠬᠤᠲᠠ ᠶᠢᠨ | ᠺᠠᠳ᠋ᠷ ᠣᠯᠠᠨ ᠲᠦᠮᠡᠨ ᠤ ᠠᠶᠤᠯ ᠲᠦᠭᠰᠢᠭᠦᠷᠢ ᠠᠴᠠ ᠠᠶᠤᠬᠤ ᠦᠭᠡᠢ᠂ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠬᠤ ᠡᠷᠡᠮᠡᠬᠡᠢ ᠵᠣᠷᠢᠭ ᠢ ᠢᠯᠡᠷᠡᠬᠦᠯᠪᠡ᠃ ᠠᠳᠡ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ | ᠳᠦᠯᠦᠭᠡᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ | ᠵᠥᠪᠯᠡᠯᠭᠡᠨ ᠤ ᠭᠡᠰᠢᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠨᠠᠮ ᠪᠦᠯᠦᠭ ᠤᠨ ᠪᠤᠰᠤ ᠬᠥᠮᠥᠰ ᠪᠣᠯᠣᠨ ᠠᠷᠠᠳ ᠤᠨ ᠪᠦᠯᠬᠦᠮ᠂ ᠬᠤᠳᠠ ᠳᠤ ᠰᠠᠭᠤᠭ᠎ᠠ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠢ ᠰᠡᠷᠬᠡᠶᠢᠯᠡᠬᠦ ᠠᠪᠤᠷᠠᠨ | ᠲᠤᠰᠠᠯᠠᠬᠤ ᠠᠩᠬᠢ᠂ ᠥᠷᠭᠡᠨ ᠤᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ ᠡᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠷᠢᠶᠡᠨ ᠤ | ᠬᠥᠭᠵᠢᠯᠲᠡ ᠶᠢ ᠬᠠᠯᠠᠮᠵᠢᠯᠠᠨ ᠳᠡᠮᠵᠢᠬᠦ ᠳᠤ ᠣᠷᠣᠯᠴᠠᠭᠰᠠᠨ ᠡᠯ᠎ᠡ ᠡᠲᠡᠭᠡᠳ ᠤᠨ ᠨᠠᠶᠢᠵᠠ ᠨᠦᠬᠦᠳ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠨᠢᠭᠡ ᠵᠢᠯ ᠤᠨ ᠠᠵᠢᠯ ᠢᠶᠠᠨ ᠳ᠋ᠦᠩᠨᠡᠬᠦ ᠳᠤ᠂ ᠪᠢᠳᠡᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠶᠠᠰᠤ | ᠴᠢᠨᠠᠷ ᠤᠨ ᠬᠡᠮᠵᠢᠶ᠎ᠡ ᠥᠨᠳᠥᠷ ᠪᠢᠰᠢ ᠪᠠᠶᠢᠬᠤ ᠶᠢ ᠰᠡᠷᠡᠵᠦ ᠮᠡᠳᠡᠵᠦ᠂ ᠪᠡᠶ᠎ᠡ ᠪᠠᠨ ᠳᠠᠭᠠᠭᠠᠵᠤ ᠬᠦᠭᠵᠢᠬᠦ | ᠬᠥᠳᠡᠯᠭᠡᠭᠴᠢ ᠬᠦᠴᠦᠨ ᠮᠥᠨ ᠯᠡ ᠬᠦᠷᠦᠯᠴᠡᠬᠦ ᠦᠭᠡᠢ ᠪᠠᠶᠢᠨ᠎ᠠ︔ ᠠᠵᠤ ᠦᠢᠯᠡᠰ ᠤᠨ ᠬᠥᠭᠵᠢᠯᠲᠡ ᠳᠤ ᠲᠣᠮᠣ | ᠲᠥᠷᠥᠯ ᠵᠦᠢᠯ ᠤᠨ ᠳᠣᠯᠭᠠᠭᠤᠷᠢᠯᠠᠭᠴᠢ ᠲᠤᠲᠠᠭᠳᠠᠵᠤ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ | ᠲᠤᠯᠭᠠᠭᠤᠷᠢ ᠠᠵᠤ ᠦᠢᠯᠡᠰ ᠬᠠᠷᠠᠬᠠᠨ ᠪᠦᠷᠢᠯᠳᠦᠭᠡᠳᠦᠢ ᠪᠠᠶᠢᠭᠰᠠᠭᠠᠷ︔ ᠰᠠᠭᠤᠷᠢ ᠲᠥᠬᠦᠭᠡᠷᠦᠮᠵᠢ ᠶᠢᠨ | ᠬᠤᠯᠪᠣᠯᠳᠤᠨ ᠨᠡᠪᠲᠡᠷᠡᠯᠴᠡᠬᠦ ᠰᠢᠭᠤᠷᠬᠠᠢ ᠪᠣᠰᠦ᠂ ᠣᠷᠣᠨ ᠪᠠᠶᠢᠷᠢ᠂ ᠲᠦᠷᠦ ᠶᠢᠨ ᠪᠣᠳᠣᠯᠭ᠎ᠠ᠂ ᠲᠠᠪᠴᠠᠩ ᠤᠨ | ᠳᠠᠪᠠᠭᠤᠯᠢᠭ ᠢ ᠬᠠᠷᠠᠬᠠᠨ ᠭᠦᠢᠴᠡᠳ ᠪᠠᠳᠠᠷᠠᠭᠤᠯᠤᠭᠠᠳᠤᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠳᠣᠪᠣᠶᠢᠮ᠎ᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠣᠷᠠᠯ ᠤᠨ ᠬᠦᠷᠢᠶᠡᠨ ᠳᠤ | ᠳᠤᠲᠠᠭᠤᠳᠠᠯ ᠪᠠᠭᠤᠷᠠᠢ ᠵᠦᠢᠯ ᠪᠠᠶᠢᠬᠤ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠡᠭᠦᠨ ᠳᠤ ᠪᠢᠳᠡ | ᠡᠷᠬᠡᠪᠰᠢ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ ᠢ ᠰᠥᠷᠦᠨ ᠤᠷᠤᠭᠰᠢᠯᠠᠵᠤ᠂ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠦᠬᠦ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠣᠭᠳᠠᠭᠤᠨ ᠢ ᠲᠡᠷᠢᠭᠦᠨ ᠳᠤ ᠳᠠᠯᠪᠢᠬᠤ ᠶᠢ ᠪᠠᠷᠢᠮᠳᠠᠯᠠᠵᠦ᠂ ᠲᠣᠭᠲᠠᠭᠤᠨ ᠪᠠᠶᠢᠯᠭᠠᠬᠤ ᠮᠦᠷᠳᠡᠭᠡᠨ ᠣᠷᠣᠭᠰᠢᠯᠠᠨ | ᠳᠠᠪᠰᠢᠬᠤ ᠶᠢ ᠠᠵᠢᠯ ᠤᠨ ᠶᠡᠷᠦᠩᠬᠡᠢ ᠡᠷᠴᠢᠮ ᠢᠶᠠᠨ ᠪᠣᠯᠭᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠳᠣᠭᠳᠠᠯᠴᠠᠭ᠎ᠠ | ᠶᠢ ᠪᠣᠶ ᠪᠣᠯᠭᠠᠵᠤ᠂ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠯᠡᠵᠦ᠂ | ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ᠂ ᠨᠡᠮᠡᠭᠳᠡᠯ ᠢ ᠳᠣᠭᠳᠠᠭᠤᠨ | ᠪᠠᠶᠢᠯᠭᠠᠬᠤ᠂ ᠪᠡᠯᠡ ᠣᠷᠣᠭᠤᠯᠤᠯᠲᠠ ᠶᠢ ᠦᠷᠭᠡᠳᠬᠡᠬᠦ᠂ ᠨᠡᠭᠡᠭᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ | ᠰᠠᠶᠢᠵᠢᠷᠠᠯᠲᠠ ᠶᠢ ᠠᠬᠢᠭᠤᠯᠤᠨ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ | ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠭᠤᠣᠯ ᠵᠢᠱᠢᠭᠰᠡᠨ ᠬᠠᠷᠠᠯᠳᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 7 % | ᠣᠷᠴᠢᠮ ᠢᠶᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 10 % | ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 10 % ᠣᠷᠴᠢᠮ ᠢᠶᠠᠷ | ᠨᠡᠮᠡᠭᠳᠡᠬᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠦᠷᠳᠡᠭ ᠢ 4% | ᠣᠷᠴᠢᠮ ᠢᠶᠠᠷ ᠨᠡᠮᠡᠭᠳᠡᠬᠦᠯᠦᠨ᠎ᠡ︔ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠠᠷᠠᠭᠠᠨ ᠤ ᠬᠡᠮᠵᠢᠶ᠎ᠡ | ᠶᠢ 30% ᠠᠴᠠ ᠳᠡᠭᠡᠭᠰᠢ ᠨᠡᠮᠡᠭᠳᠡᠭᠦᠯᠦᠨ᠎ᠡ︔ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ | ᠠᠷᠠᠯᠵᠢᠶᠠᠨ ᠤ ᠦᠷᠳᠡᠭ ᠢ 10% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠎ᠡ︔ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠳᠡᠭᠡᠳᠦ ᠱᠠᠲᠤᠨ ᠠᠴᠠ | ᠪᠠᠭᠤᠯᠭᠠᠭᠰᠠᠨ ᠡᠭᠦᠷᠭᠡ ᠶᠢ ᠪᠡᠶᠡᠯᠡᠬᠦᠯᠦᠨ᠎ᠡ᠃ | | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠣᠷᠠᠬᠢ ᠠᠵᠢᠯ ᠤᠳ ᠢ ᠳᠣᠪᠣᠶᠢᠮ᠎ᠠ ᠰᠠᠶᠢᠲᠤᠷ | ᠠᠳᠬᠤᠨ᠎ᠠ᠄ | ︵ᠨᠢᠭᠡ︶ ᠴᠢᠨᠠᠷ ᠰᠠᠶᠢᠲᠠᠢ ᠬᠥᠭᠵᠢᠯᠲᠡ ᠪᠠᠷ ᠶᠡᠷᠦᠩᠬᠡᠶᠢᠯᠡᠨ ᠵᠢᠯᠤᠭᠤᠳᠴᠤ᠂ ᠠᠵᠤ ᠠᠬᠤᠢ ᠶᠢᠨ ᠪᠦᠬᠦᠯᠢ | ᠴᠣᠭᠴᠠ ᠶᠢᠨ ᠰᠠᠶᠢᠵᠢᠷᠠᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ | ᠲᠥᠷᠥᠯ ᠵᠦᠢᠯ ᠢᠶᠠᠷ ᠦᠷ᠎ᠡ ᠪᠦᠳᠦᠮᠵᠢᠳᠠᠢ ᠪᠡᠯᠡ ᠣᠷᠣᠭᠤᠯᠣᠯᠳᠠ ᠶᠢ ᠳᠠᠭᠠᠭᠤᠯᠣᠨ ᠥᠷᠭᠡᠳᠬᠡᠨ᠎ᠡ᠃ | ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠷᠢᠮᠲᠠᠯᠠᠵᠤ᠂ ︽ᠲᠦᠷᠦᠯ ᠵᠦᠢᠯ ᠤᠨ ᠪᠣᠭᠤᠮᠲᠠ | ᠰᠢᠪᠳᠣᠯᠣᠯᠳᠠ ᠶᠢᠨ ᠣᠨ︾ ᠤ ᠠᠵᠢᠯᠯᠠᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠦ᠂ ᠪᠣᠭᠤᠮᠲᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ︽ᠲᠣᠭᠲᠠᠭᠤᠨ︾ ᠰᠠᠭᠤᠷᠢ ᠶᠢ ᠪᠠᠬᠢᠵᠢᠬᠦᠯᠵᠦ᠂ ︽ᠣᠷᠣᠭᠰᠢᠯᠠᠯᠳᠠ︾ | ᠶᠢᠨ ᠬᠦᠴᠦᠨ ᠢ ᠬᠤᠷᠠᠮᠳᠤᠭᠤᠯᠵᠤ᠂ ︽ᠰᠢᠨ᠎ᠡ︾ ᠬᠥᠳᠡᠯᠭᠡᠭᠦ ᠬᠦᠴᠦᠨ ᠢ ᠨᠡᠮᠡᠷᠢᠯᠡᠨ᠎ᠡ᠃ ᠪᠣᠭᠤᠮᠲᠠ ᠶᠢᠨ | ᠨᠡᠪᠲᠡᠷᠡᠬᠦ ᠵᠠᠮ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠣ | ᠳᠤ ᠭᠠᠷᠭᠠᠬᠤ ᠡᠳ᠋ᠰᠢᠭᠦᠯᠦᠨ ᠪᠣᠯᠪᠠᠰᠣᠷᠠᠭᠤᠯᠬᠤ᠂ ᠬᠤᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠵᠡᠷᠭᠡ 5 ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 104 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ 77 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠦᠯᠦᠪᠯᠡᠵᠣ᠂ | ᠡᠭᠦᠨ ᠳᠤ 50 ᠰᠢᠨ᠎ᠡ ᠪᠠᠷ ᠪᠠᠶᠢᠭᠤᠯᠬᠤ ᠲᠥᠷᠥᠯ ᠵᠦᠢᠯ᠂27 ᠦᠷᠭᠦᠯᠵᠢᠯᠡᠨ ᠪᠠᠶᠢᠭᠤᠯᠬᠤ ᠲᠥᠷᠥᠯ ᠵᠦᠢᠯ᠂ | ᠵᠢᠯ ᠳᠣᠳᠣᠷ᠎ᠠ 20 ᠳ᠋ᠦᠰᠢᠭᠤᠷ ᠲᠦᠭᠦᠷᠢᠭ ᠰᠢᠬᠠᠮ ᠤᠨ ᠪᠡᠯᠡ ᠣᠷᠣᠭᠤᠯᠣᠯᠳᠠ ᠶᠢ ᠳᠠᠭᠤᠰᠬᠠᠨ᠎ᠠ᠃ ᠠᠯᠢᠪᠠ | ᠪᠦᠬᠦᠨ ᠲᠥᠷᠥᠯ ᠵᠦᠢᠯ ᠤᠨ ᠲᠣᠭᠤᠷᠢᠨ ᠳᠤ ᠡᠷᠬᠢᠯᠳᠦᠵᠦ᠂ ᠠᠯᠢᠪᠠ ᠪᠦᠬᠦᠨ ᠲᠥᠷᠥᠯ ᠵᠦᠢᠯ ᠳᠤ ᠠᠩᠬᠠᠷᠤᠯ ᠢᠶᠠᠨ | ᠲᠥᠪᠯᠡᠷᠡᠭᠦᠯᠦᠨ ᠠᠵᠢᠯᠯᠠᠬᠤ ᠶᠢ ᠪᠠᠷᠢᠮᠳᠠᠯᠠᠨ᠂ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠳᠡᠭᠡᠳᠦ ᠱᠠᠲᠤᠨ ᠤ | ᠲᠤᠰᠬᠠᠢ ᠵᠦᠢᠯ ᠵᠡᠷᠭᠡ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ | ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ᠂ ᠬᠤᠳᠠᠯᠳᠤᠭᠠᠴᠢᠨ ᠤᠷᠢᠵᠤ ᠭᠡᠷ᠎ᠡ ᠲᠣᠭᠲᠠᠬᠤ᠂ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠪᠦᠲᠦᠭᠡᠨ ᠪᠠᠶᠢᠭᠤᠯᠤᠯᠲᠠ᠂ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ | ᠠᠬᠢᠭᠤᠯᠤᠨ᠂ ᠬᠢᠨᠠᠨ ᠵᠥᠪᠰᠢᠶᠡᠷᠡᠬᠦ᠂ ᠬᠦᠴᠦᠨ ᠵᠦᠢᠯ ᠢ ᠪᠠᠲᠤᠯᠠᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ | ᠵᠡᠷᠭᠡ ᠠᠰᠠᠭᠤᠳᠠᠯ ᠢ ᠮᠥᠷᠳᠡᠨ ᠰᠢᠢᠳᠪᠦᠷᠢᠯᠡᠵᠦ᠂ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ | ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠪᠣᠭᠤᠮᠲᠠ ᠶᠢᠨ ᠡᠬᠢ | ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠴᠢᠨᠠᠷ ᠰᠠᠶᠢᠲᠠᠢ ᠬᠥᠭᠵᠢᠯᠲᠡ ᠶᠢᠨ ᠲᠠᠪᠴᠠᠩ᠂ ᠳᠠᠪᠠᠭᠤᠯᠢᠭ | ᠣᠨᠴᠠᠯᠢᠭᠲᠤ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ | ᠠᠷᠠᠳ ᠤᠨ ᠠᠮᠢᠳᠤᠷᠠᠯ ᠤᠨ ᠳᠤᠲᠠᠭᠤᠳᠠᠯ ᠪᠠᠭᠤᠷᠠᠢ ᠲᠠᠯ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ | ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ | ᠠᠷᠠᠯᠵᠢᠶᠠᠴᠢᠨ ᠤᠷᠢᠬᠤ᠂ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ | ᠤᠷᠢᠬᠤ ᠶᠢ ᠲᠣᠪᠤᠶᠢᠯᠭᠠᠨ᠂ ᠠᠵᠤ ᠠᠬᠤᠶᠢᠯᠠᠯ ᠤᠨ ᠠᠰᠢᠭ ᠣᠷᠣᠯᠭ᠎ᠠ ᠲᠠᠢ᠂ ᠣᠯᠠᠨ ᠲᠦᠮᠡᠨ ᠳᠤ ᠠᠵᠢᠯ | ᠣᠯᠭᠤᠯᠲᠠ ᠲᠠᠢ᠂ ᠵᠠᠰᠠᠭ ᠤᠨ ᠣᠷᠳᠣᠨ ᠳᠤ ᠭᠠᠶᠢᠯᠢ ᠲᠠᠲᠠᠪᠤᠷᠢ ᠲᠠᠢ ᠰᠠᠶᠢᠨ ᠲᠥᠷᠥᠯ ᠵᠦᠢᠯ ᠢ ᠣᠷᠣᠭᠤᠯᠤᠨ | ᠠᠪᠴᠢᠷᠠᠵᠤ᠂ ᠲᠣᠮᠣ ᠲᠥᠷᠥᠯ ᠵᠦᠢᠯ ᠢᠶᠠᠷ ᠳᠣᠯᠭᠠᠭᠤᠷᠢᠯᠠᠭᠰᠠᠨ᠂ ᠵᠢᠵᠢᠭ ᠲᠥᠷᠥᠯ ᠵᠦᠢᠯ ᠢᠶᠠᠷ ᠰᠠᠭᠤᠷᠢᠯᠠᠭᠰᠠᠨ᠂ | ᠲᠥᠷᠥᠯ ᠵᠦᠢᠯ ᠤᠨ ᠥᠷᠢᠰᠦᠯᠳᠦᠨ ᠬᠥᠭᠵᠢᠭᠰᠡᠨ ᠠᠮᠢᠳᠤᠯᠢᠭ ᠪᠠᠶᠢᠳᠠᠯ ᠢ ᠪᠣᠶ ᠪᠣᠯᠭᠠᠬᠤ ᠶᠢ ᠠᠬᠢᠭᠤᠯᠤᠨ᠎ᠠ᠃ | ᠵᠢᠯ ᠤᠨ ᠳᠣᠲᠣᠷ᠎ᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠬᠤ ᠪᠡᠯᠡ ᠮᠥᠩᠭᠦ ᠶᠢ 6 | ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ | ᠣᠷᠴᠢᠨ ᠠᠬᠤᠢ ᠶᠢ ᠰᠢᠯᠢᠳᠡᠭᠵᠢᠬᠦᠯᠵᠦ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠲᠣᠭᠲᠠᠪᠤᠷᠢᠵᠢᠭᠤᠯᠤᠨ᠎ᠠ᠃ ᠬᠦᠭᠵᠢᠯᠳᠠ ᠪᠣᠯ ᠬᠠᠲᠠᠭᠤ ᠶᠣᠰᠣ ᠭᠡᠳᠡᠭ ᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠠᠲᠠᠬᠤ ᠳᠡᠭᠡᠷ᠎ᠡ | ᠠᠩᠬᠠᠷᠣᠯ ᠢᠶᠠᠨ ᠲᠥᠪᠯᠡᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠵᠡᠷᠭᠡ ᠠᠯᠢ ᠤᠯᠠᠨ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠱᠠᠩᠨᠠᠵᠤ ᠨᠥᠬᠦᠪᠦᠷᠢᠯᠡᠬᠦ ᠵᠡᠷᠭᠡ ᠠᠵᠤ ᠠᠬᠤᠶᠢᠯᠠᠯ ᠳᠤ | ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠰᠢᠭᠤᠳ ᠬᠦᠷᠬᠦ ᠲᠦᠷᠭᠡᠨ ᠡᠳ᠋ᠯᠡᠬᠦ ᠶᠢ ᠪᠠᠲᠤᠯᠠᠨ᠎ᠠ᠃ ᠪᠣᠭᠤᠮᠲᠠ ᠶᠢᠨ | ᠬᠥᠭᠵᠢᠯᠲᠡ ᠶᠢᠨ ᠰᠠᠭᠤᠷᠢ ᠮᠥᠩᠭᠦ ᠶᠢ ᠪᠡᠯᠡᠳᠬᠡᠨ ᠪᠠᠶᠢᠭᠤᠯᠵᠤ᠂ ︽ᠠᠷᠠᠯᠵᠢᠶ᠎ᠠ ᠬᠤᠳᠠᠯᠳᠤᠭᠠᠨ ᠤ ᠬᠠᠷᠠᠭᠠᠯᠵᠠᠯᠲᠤ | ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠳᠡᠯᠭᠡᠷᠡᠭᠦᠯᠦᠨ᠂ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠳᠠᠯᠳᠠ ᠬᠦᠴᠦᠨ ᠲᠠᠢ᠂ | ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃ ᠰᠤᠯᠠ ᠰᠡᠯᠡᠬᠦᠣ | ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠭᠤᠨ ᠲᠦᠮᠡᠨ ᠲᠡᠭᠰᠢ ᠳᠥᠷᠪᠡᠯᠵᠢᠨ | ᠮᠧᠲᠷ ᠤᠨ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠠᠵᠢᠯ ᠢ ᠡᠬᠢᠯᠡᠭᠦᠯᠵᠦ᠂ ᠲᠥᠷᠥᠯ ᠵᠦᠢᠯ ᠢ | ᠰᠠᠭᠤᠷᠢᠰᠢᠭᠤᠯᠬᠤ ᠳᠤ ᠣᠷᠣᠨ ᠵᠠᠢ ᠣᠯᠭᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠰᠢᠨ᠎ᠡ ᠪᠠᠷ | ᠡᠭᠦᠳᠦᠨ ᠥᠷᠭᠡᠳᠬᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠦᠭᠡᠴᠡ ᠬᠥᠷᠥᠩᠭᠡ ᠶᠢ ᠠᠮᠢᠳᠤᠯᠢᠭ | ᠪᠣᠯᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠬᠦᠯᠦᠨ᠎ᠡ᠃ | ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠬᠡᠷᠡᠭᠯᠡᠭᠡᠨ ᠤ ᠲᠡᠮᠳᠡᠭᠲᠦ ᠶᠢ ᠳᠠᠷᠠᠬᠠᠭᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠨ᠎ᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠶᠠᠪᠣᠴᠠ ᠶᠢ | ᠰᠢᠯᠢᠳᠡᠭᠵᠢᠭᠦᠯᠦᠨ᠂ ᠴᠠᠭ ᠢ ᠠᠷᠪᠢᠯᠠᠵᠦ᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠲᠦᠷᠭᠡᠳᠬᠡᠨ᠂ | ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠵᠦ᠂ ᠡᠯ᠎ᠡ ᠵᠦᠢᠯ ᠤᠨ ᠭᠦᠢᠴᠡᠳᠬᠡᠯ | ᠲᠤᠭ᠎ᠠ ᠶᠢ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ ︽12345︾ | ᠦᠢᠯᠡᠴᠢᠯᠡᠭᠡᠨ ᠤ ᠤᠲᠠᠰᠤ ᠪᠠᠷ ᠬᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ | ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠤᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤᠪᠴᠢ︾ ᠶᠢᠨ ᠦᠢᠯᠡᠴᠢᠯᠡᠭᠡᠨ ᠤ ᠴᠢᠳᠠᠮᠵᠢ ᠶᠢ | ᠭᠦᠨᠵᠡᠭᠡᠶᠢᠷᠡᠭᠦᠯᠦᠨ ᠥᠷᠭᠡᠳᠬᠡᠵᠦ᠂ ᠪᠣᠭᠤᠮᠲᠠ ᠪᠠᠷ ᠥᠩᠭᠡᠷᠡᠬᠦ ᠠᠵᠢᠯ ᠲᠦᠷᠦᠯ ᠢ ᠠᠦ᠋ᠲ᠋ᠣᠴᠢᠯᠠᠨ ᠲᠡᠰ | ᠳᠡᠪᠰᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ︽ᠣᠶᠤᠨᠲᠤ ᠪᠣᠭᠤᠮᠲᠠ︾ ᠶᠢᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ | ᠲᠣᠭᠠᠴᠢᠯᠠᠯᠲᠠ᠂ ᠣᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠳᠠᠪᠠᠭᠤᠯᠢᠭ ᠠᠵᠤ ᠦᠢᠯᠡᠰ ᠢ ᠲᠠᠰ ᠳᠡᠪᠰᠢᠭᠦᠯᠦᠨ ᠬᠥᠭᠵᠢᠭᠦᠯᠦᠨ᠎ᠡ᠃ ᠨᠡᠭᠦᠷᠡᠰᠦ᠂ ᠲᠡᠮᠦᠷ᠂ ᠮᠣᠳᠣ᠂ | ᠠᠮᠤ ᠪᠤᠳᠠᠭ᠎ᠠ᠂ ᠮᠢᠬ᠎ᠠ᠂ ᠨᠣᠯᠤᠤᠷ᠂ ᠠᠮᠢᠳᠤ ᠮᠠᠯ ᠵᠡᠷᠭᠡ ᠭᠠᠳᠠᠭᠠᠳᠤ ᠠᠴᠠ ᠣᠷᠣᠭᠤᠯᠬᠤ ᠵᠦᠢᠯᠡᠰ ᠤᠨ | ᠲᠣᠭᠤᠷᠢᠨ ᠳᠤ᠂ ᠪᠣᠭᠤᠮᠲᠠ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠬᠦᠯᠬᠦ ᠠᠵᠢᠯ ᠢ ᠰᠠᠶᠢᠲᠤᠷ | ᠬᠢᠨ᠎ᠡ᠃ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠵᠦ ᠨᠡᠮᠡᠭᠳᠡᠯ ᠢ ᠲᠦᠷᠭᠡᠳᠬᠡᠨ᠎ᠡ᠃ ᠭᠠᠳᠠᠭᠠᠳᠤ | ᠠᠵᠤ ᠠᠬᠤᠢ ᠠᠷᠠᠯᠵᠢᠶᠠᠨ ᠤ ᠲᠤᠰᠬᠠᠢ ᠵᠦᠢᠯ ᠤᠨ ᠪᠡᠯᠡ ᠮᠥᠩᠭᠦ ᠶᠢ ᠠᠮᠢᠳᠤᠯᠢᠭ ᠬᠡᠷᠡᠭᠯᠡᠵᠦ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠡᠶᠢᠲᠡᠯᠡᠨ | ᠬᠡᠷᠡᠭᠵᠢᠭᠦᠯᠵᠦ᠂ ᠡᠯ᠎ᠡ ᠲᠦᠷᠦᠯ ᠤᠨ ᠭᠠᠳᠠᠭᠠᠳᠤ ᠠᠷᠠᠯᠵᠢᠶᠠᠨ ᠤ ᠪᠡᠶᠡᠴᠢ ᠴᠣᠭᠴᠠ ᠶᠢ ᠲᠠᠳᠠᠨ ᠳᠠᠩᠰᠠᠯᠠᠭᠤᠯᠤᠨ | ᠡᠵᠡᠩᠨᠡᠭᠦᠯᠵᠦ᠂ ᠬᠤᠳᠠ ᠶᠢᠨ ᠬᠠᠷᠢᠶ᠎ᠠ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ | ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢᠶᠠᠷ | ᠲᠣᠬᠢᠶᠠᠯ ᠪᠣᠯᠭᠠᠵᠤ᠂ ᠤᠯᠤᠰ ᠤᠨ ᠳᠣᠲᠣᠭᠠᠳᠤ ᠶᠢᠨ ᠨᠠᠷᠠᠲᠠᠢ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ | ᠲᠡᠳᠡᠨ ᠠᠪᠴᠢᠷᠡᠨ ᠰᠠᠭᠤᠷᠢᠰᠢᠭᠤᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠭᠠᠳᠠᠭᠠᠳᠤ ᠳᠠᠬᠢ ᠬᠥᠮᠥᠷᠭᠡ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠢᠯᠢ ᠶᠢᠨ | ᠬᠥᠮᠥᠷᠭᠡ ᠶᠢᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠵᠢᠯ ᠳᠣᠳᠣᠷ᠎ᠠ | ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢᠶᠠᠷ | ᠵᠦᠪᠰᠢᠶᠡᠷᠡᠯ ᠣᠯᠬᠤ ᠪᠠᠷ ᠴᠢᠷᠮᠠᠶᠢᠨ᠎ᠠ᠃ ᠬᠤᠸᠠᠨ ᠢᠦᠢ ᠠᠷᠠᠯᠵᠢᠶ᠎ᠠ ᠬᠤᠳᠠᠯᠳᠤᠭᠠᠨ ᠤ ᠬᠤᠳᠠ ᠶᠢᠨ ᠬᠤᠶᠠᠳᠤᠭᠠᠷ | ᠬᠤᠭᠤᠴᠠᠭ᠎ᠠ ᠶᠢᠨ ᠪᠠᠷᠢᠯᠭ᠎ᠠ ᠶᠢ ᠡᠬᠢᠯᠡᠭᠦᠯᠵᠦ᠂ ᠬᠢᠯᠢ ᠶᠢᠨ ᠠᠷᠠᠳ ᠤᠨ ᠬᠤᠳᠠᠯᠳᠣᠭᠠᠨ ᠤ ᠲᠠᠸᠠᠷ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠳᠬᠦᠨ ᠵᠡᠷᠭᠡ ᠶᠢ ᠨᠢᠭᠡ ᠴᠣᠭᠴᠠᠵᠢᠭᠤᠯᠤᠭᠰᠠᠨ ᠳᠡᠯᠭᠡᠨ | ᠦᠵᠡᠭᠦᠯᠬᠦ᠂ ᠪᠡᠶᠡᠴᠢᠯᠡᠨ ᠣᠶᠢᠯᠠᠭᠠᠬᠤ᠂ ᠪᠥᠭᠡᠮ ᠢᠶᠠᠷ ᠬᠤᠳᠠᠯᠳᠤᠬᠤ᠂ ᠪᠣᠷᠣᠯᠠᠭᠤᠯᠬᠤ ᠣᠷᠣᠨ ᠢ ᠲᠥᠯᠥᠪᠵᠢᠭᠦᠯᠦᠨ | ᠪᠠᠶᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠵᠠᠭᠪᠤᠷ ᠢ | ᠬᠠᠶᠢᠨ ᠰᠦᠪᠡᠭᠴᠢᠯᠡᠨ᠎ᠡ᠃ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ | ᠪᠤᠵᠠᠭᠠᠶᠢᠷᠠᠭᠤᠯᠤᠨ᠂ ᠵᠢᠶᠧ ᠰᠧᠨ᠂ ᠯᠢᠦᠢ ᠰᠢᠶᠠᠩ ᠶᠤᠸᠠᠨ᠂ ᠢ ᠯᠥᠩ ᠶᠤᠸᠠᠨ᠂ ᠳ᠋ᠠ ᠽᠢ ᠷᠠᠨ᠂ ᠬᠤᠩᠭᠤᠷ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠃ ᠤᠯᠤᠰ ᠤᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠷᠰᠢᠯᠲᠠ ᠶᠢᠨ ᠴᠢᠭ ᠤᠨ | ᠬᠤᠲᠠ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠭᠠᠳᠠᠭᠠᠳᠤ ᠳᠤ ᠭᠠᠷᠭᠠᠬᠤ ᠬᠡᠯᠪᠡᠷᠢ ᠶᠢ ᠰᠢᠨᠡᠴᠢᠯᠡᠨ᠎ᠡ᠃ | ᠵᠠᠰᠠᠮᠠᠯ ᠵᠠᠮ᠂ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠪᠣᠭᠤᠮᠲᠠ ᠪᠠᠷ | ᠥᠩᠭᠡᠷᠡᠬᠦ ᠲᠥᠬᠦᠮ ᠨᠥᠬᠦᠴᠡᠯ ᠢ ᠳᠡᠭᠡᠭᠰᠢᠯᠡᠭᠦᠯᠦᠨ᠂ ᠲᠡᠮᠦᠷ ᠤᠨ ᠬᠦᠳᠡᠷ᠂ ᠠᠮᠤ ᠲᠣᠰᠣ ᠵᠡᠷᠭᠡ ᠶᠡᠭᠡ ᠬᠡᠮᠵᠢᠶᠡᠨ ᠤ | ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠲᠣᠭᠲᠠᠪᠤᠷᠢᠵᠢᠭᠤᠯᠵᠤ᠂ ᠠᠮᠢᠳᠤ ᠬᠤᠨᠢ᠂ ᠠᠮᠢᠳᠤ ᠮᠣᠷᠢ ᠶᠢ | ᠭᠠᠳᠠᠭᠠᠳᠤ ᠠᠴᠠ ᠣᠷᠣᠭᠤᠯᠬᠤ ᠶᠢ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 30% ᠠᠴᠠ ᠳᠡᠭᠡᠭᠰᠢ ᠨᠡᠮᠡᠭᠳᠡᠭᠦᠯᠦᠨ᠂ ᠳᠡᠣᠬᠡ ᠶᠢᠨ ᠬᠠᠮᠤᠭ ᠤᠨ | ᠥᠨᠳᠥᠷ ᠲᠦᠪᠰᠢᠨ ᠠᠴᠠ ᠳᠠᠪᠠᠭ᠋ᠤ ᠪᠠᠷ ᠴᠢᠷᠮᠠᠶᠢᠨ᠎ᠠ︔ ᠠᠷᠠᠯᠵᠢᠶᠠᠨ ᠤ ᠦᠷᠳᠡᠭ ᠢ 10% ᠣᠷᠴᠢᠮ ᠢᠶᠠᠷ | ᠨᠡᠮᠡᠭᠳᠡᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠬᠤ ᠦᠢᠯᠡᠰ ᠢ ᠳᠡᠰ | ᠳᠡᠪᠰᠢᠬᠦᠯᠦᠨ᠎ᠡ᠃ ᠮᠢᠩᠭᠠᠨ ᠲᠦᠮᠡᠨ ᠲᠣᠨ ᠤ ᠭᠠᠳᠠᠭᠠᠳᠤ ᠠᠴᠠ ᠣᠷᠣᠭᠤᠯᠤᠭᠰᠠᠨ ᠠᠭᠤᠷᠬᠠᠢ ᠶᠢᠨ ᠭᠠᠷᠤᠯᠲᠠ ᠶᠢ | ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠬᠤ ᠶᠢᠨ ᠳᠣᠭᠤᠷᠢᠨ ᠳᠤ᠂ ᠬᠡᠪᠴᠢᠶᠡᠵᠢᠭᠦᠯᠦᠭᠰᠡᠨ᠂ | ᠪᠠᠷᠢᠮᠵᠢᠶᠠᠵᠢᠭᠤᠯᠤᠭᠰᠠᠨ ᠲᠡᠮᠦᠷ ᠤᠨ ᠬᠦᠳᠡᠷ᠂ ᠬᠠᠶᠢᠯᠤᠭᠤᠷ ᠵᠤᠩᠰᠢ ᠪᠣᠯᠪᠠᠰᠤᠷᠠᠭᠤᠯᠬᠤ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠲᠡᠰ ᠳᠡᠪᠰᠢᠭᠦᠯᠵᠦ᠂ ᠡᠮᠬᠢᠯᠡᠨ ᠨᠡᠶᠢᠯᠡᠭᠦᠯᠵᠦ ᠵᠢᠷᠤᠮᠵᠢᠭᠤᠯᠤᠨ᠂ ᠵᠦᠩ ᠵᠢᠢ ᠰᠢ ᠠᠨ᠂ | ᠲᠢᠶᠠᠨ ᠯᠢ ᠶᠤᠸᠠᠨ᠂ ᠠ ᠯᠧ ᠹᠦ᠋᠂ ᠰᠢᠨ ᠢ ᠵᠡᠷᠭᠡ ᠪᠣᠯᠪᠠᠰᠤᠷᠠᠭᠤᠯᠬᠤ ᠲᠦᠷᠦᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠶᠢᠨ ᠢᠦᠢ 500 ᠲᠦᠮᠡᠨ ᠲᠣᠨ | ᠲᠡᠮᠦᠷ ᠤᠨ ᠬᠦᠳᠡᠷ ᠵᠢᠴᠢ 100 ᠲᠦᠮᠡᠨ ᠲᠣᠨ ᠬᠠᠶᠢᠯᠤᠭᠤᠷ ᠵᠤᠩᠰᠢ᠂ ᠾᠧ ᠵᠢᠦᠢ ᠶᠤᠸᠠᠨ 200 ᠲᠦᠮᠡᠨ | ᠲᠣᠨ ᠬᠢᠮᠡᠯ ᠬᠡᠰᠡᠭᠲᠦ ᠬᠦᠳᠡᠷ᠂ ᠵᠢᠶᠠ ᠼᠠᠢ 20 ᠲᠦᠮᠡᠨ ᠲᠣᠨ ᠬᠠᠶᠢᠯᠤᠭᠤᠷ ᠵᠤᠩᠰᠢ ᠵᠡᠷᠭᠡ ᠪᠣᠯᠪᠠᠰᠤᠷᠠᠭᠤᠯᠬᠤ | ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠣᠨ᠎ᠠ᠃ ᠡᠷᠢᠶᠡᠨ ᠬᠤᠩᠬᠤᠷ ᠤᠨ ᠮᠢᠩᠭᠠᠨ ᠲᠣᠨ ᠤ | ᠲᠡᠰ ᠤᠨ ᠦᠷᠡᠨ ᠤ ᠠᠭᠤᠷᠬᠠᠢ ᠶᠢ ᠬᠠᠶᠢᠨ ᠰᠢᠨᠵᠢᠯᠡᠬᠦ ᠢᠨᠵᠧᠨᠧᠷᠢᠩ ᠤᠨ ᠠᠵᠢᠯ ᠡᠬᠢᠯᠡᠭᠦᠯᠬᠦ ᠶᠢ ᠢᠳᠡᠪᠬᠢᠲᠡᠢ ᠪᠠᠷ | ᠲᠦᠯᠬᠢᠨ ᠠᠬᠢᠭᠤᠯᠤᠨ᠎ᠠ᠃ ᠵᠠᠭᠤᠨ ᠲᠦᠮᠡᠨ ᠲᠣᠨ ᠤ ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ ᠲᠣᠰᠣ | ᠡᠳ᠋ᠰᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠳ᠋ᠦᠩ ᠰᠢᠨ ᠲᠠᠷᠢᠶᠠᠯᠠᠩ ᠤᠨ | ᠪᠦᠲᠦᠭᠡᠨ ᠪᠠᠶᠢᠭᠤᠯᠤᠯᠲᠠ ᠶᠢᠨ ᠮᠣᠩᠭᠤᠯ ᠤᠯᠤᠰ ᠤᠨ ᠠᠮᠤ ᠪᠤᠳᠠᠭ᠎ᠠ ᠠᠷᠠᠯᠵᠢᠶ᠎ᠠ ᠠᠵᠤ ᠦᠢᠯᠡᠳᠪᠦᠷᠢ ᠶᠢ ᠨᠢᠭᠡ | ᠴᠣᠭᠴᠠᠵᠢᠭᠤᠯᠬᠤ ᠠᠵᠤ ᠦᠢᠯᠡᠰ ᠤᠨ ᠲᠠᠪᠴᠠᠩ ᠢ ᠳᠡᠮᠵᠢᠵᠦ᠂ ᠬᠥ᠋ ᠹᠧᠩ ᠠᠮᠤ ᠪᠤᠳᠠᠭ᠎ᠠ ᠲᠣᠰᠣ ᠡᠳ᠋ᠰᠢᠭᠦᠯᠬᠦ | ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ ᠤᠨ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠵᠣᠬᠢᠶᠠᠨ ᠪᠠᠶᠢᠭᠤᠯᠤᠯᠲᠠ ᠶᠢ ᠨᠡᠪᠲᠡᠷᠡᠭᠦᠯᠬᠦ ᠳᠤ ᠬᠦᠴᠦᠨ | ᠨᠡᠮᠡᠷᠢᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠲᠦᠮᠡᠨ ᠲᠣᠨ ᠤ ᠮᠠᠯ ᠤᠨ ᠠᠰᠢᠭ ᠰᠢᠮ᠎ᠡ ᠶᠢ ᠡᠳ᠋ᠰᠢᠭᠦᠯᠬᠦ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠢᠮᠠᠭᠠᠨ ᠨᠣᠯᠤᠥᠷ᠂ ᠠᠮᠢᠳᠤ ᠬᠤᠨᠢ ᠶᠢ | ᠭᠠᠳᠠᠭᠠᠳᠤ ᠠᠴᠠ ᠣᠷᠣᠭᠤᠯᠬᠤ ᠶᠢ ᠰᠠᠭᠠᠳ ᠦᠭᠡᠢ ᠨᠠᠪᠲᠠᠷᠡᠭᠦᠯᠵᠦ᠂ ᠬᠠᠷᠢᠯᠴᠠᠨ ᠠᠷᠠᠯᠵᠢᠶᠠᠯᠠᠬᠤ ᠭᠠᠳᠠᠭᠠᠳᠤ ᠠᠴᠠ | ᠣᠷᠣᠭᠤᠯᠤᠭᠰᠠᠨ ᠲᠠᠸᠠᠷ ᠢ ᠡᠳ᠋ᠰᠢᠭᠦᠯᠬᠦ ᠲᠤᠷᠰᠢᠯᠲᠠ ᠶᠢᠨ ᠴᠢᠭ ᠤᠨ ᠤᠶᠠᠯᠳᠤᠯ ᠢ ᠣᠨᠣᠪᠴᠢᠲᠠᠶ ᠡᠷᠢᠨ ᠣᠯᠵᠤ᠂ | ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ ᠤᠨ ᠬᠡᠪᠴᠢᠶᠡᠵᠢᠯ ᠢ ᠠᠬᠢᠭᠤᠯᠤᠨ᠂ ᠵᠢᠯ ᠤᠨ ᠳᠣᠲᠣᠷ᠎ᠠ 100 | ᠲᠦᠮᠡᠨ ᠠᠮᠢᠳᠤ ᠬᠤᠨᠢ ᠶᠢ ᠡᠳ᠋ᠰᠢᠭᠦᠯᠬᠦ ᠶᠠᠪᠤᠳᠠᠯ ᠢ ᠪᠡᠶᠡᠯᠡᠭᠦᠯᠬᠦ ᠪᠠᠷ ᠴᠢᠷᠮᠠᠶᠢᠨ᠎ᠠ᠃ ᠾᠦᠢ ᠲᠦᠩ ᠭᠠᠳᠠᠭᠠᠳᠤ | ᠠᠴᠠ ᠣᠷᠣᠭᠤᠯᠤᠭᠰᠠᠨ ᠮᠢᠬᠠᠨ ᠤ ᠲᠥᠷᠥᠯ ᠤᠨ ᠡᠳ᠋ᠰᠢᠭᠦᠯᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠮᠢᠬᠠᠨ ᠤ ᠲᠥᠷᠥᠯ ᠤᠨ ᠡᠳ᠋ᠰᠢᠭᠦᠯᠬᠦ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 8% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ ᠬᠢᠯᠢ | ᠬᠢᠵᠠᠭᠠᠷ ᠤᠨ ᠰᠣᠶᠣᠯ ᠵᠢᠭᠤᠯᠴᠢᠯᠠᠯ ᠤᠨ ᠦᠢᠯᠡᠰ ᠤᠨ ᠰᠡᠷᠭᠦᠯᠲᠡ ᠰᠠᠶᠢᠵᠢᠷᠠᠯᠲᠠ ᠶᠢ ᠠᠬᠢᠭᠤᠯᠤᠨ᠎ᠠ᠃ ᠤᠯᠤᠰ ᠤᠨ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠳᠤ ᠲᠦᠰᠢᠭᠯᠡᠨ᠂ ᠳᠤᠮᠳᠠᠳᠤ | ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠳᠣᠭᠤᠷᠢᠭ᠂ ᠤᠯᠤᠰ ᠤᠨ ᠬᠢᠯᠢ ᠶᠢᠨ | ᠵᠢᠭᠤᠯᠴᠢᠯᠠᠯ ᠤᠨ ᠲᠤᠷᠰᠢᠯᠲᠠ ᠶᠢᠨ ᠳᠣᠭᠤᠷᠢᠭ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠬᠢᠯᠢ ᠶᠢᠨ | ᠵᠢᠭᠤᠯᠴᠢᠯᠠᠯ ᠤᠨ ᠭᠡᠷᠡᠴᠢ ᠲᠡᠮᠳᠡᠭ ᠢ ᠬᠡᠷᠡᠭᠯᠡᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ | ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠢ ᠰᠡᠷᠭᠦᠭᠡᠬᠦ ᠪᠠᠷ ᠪᠥᠬᠦ ᠬᠦᠴᠦᠨ ᠢᠶᠠᠷ ᠢᠶᠠᠨ | ᠴᠢᠷᠮᠠᠶᠢᠨ᠎ᠠ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ | ᠱᠠᠩᠨᠠᠵᠤ ᠨᠥᠬᠦᠪᠦᠷᠢᠯᠡᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ | ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠡᠷᠭᠦᠯᠲᠡ ᠶᠢ | ᠲᠦᠷᠭᠡᠳᠬᠡᠨ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠥᠭᠵᠢᠨ | ᠪᠤᠵᠠᠭᠠᠶᠢᠷᠠᠬᠤ ᠶᠢ ᠳᠡᠮᠵᠢᠵᠦ᠂ ᠴᠢᠨᠠᠷ ᠰᠠᠶᠢᠲᠠᠢ ᠡᠬᠢ ᠪᠠᠶᠠᠯᠢᠭ ᠪᠠ ᠨᠦᠬᠡᠴᠡ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠣᠯᠠᠨ ᠤᠯᠤᠰ ᠤᠨ ᠮᠠᠰᠢᠨ ᠲᠡᠷᠭᠡᠨ ᠤ ᠬᠡᠭᠡᠷ᠎ᠡ ᠪᠠᠭᠤᠳᠠᠯᠯᠠᠬᠤ ᠭᠠᠵᠠᠷ᠂ ᠰᠠᠶᠢᠬᠤᠰᠦ ᠶᠢᠨ ᠣᠨᠴᠠᠯᠢᠭᠳᠦ | ᠵᠢᠵᠢᠭ ᠪᠠᠯᠭᠠᠰᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠭᠤᠷᠪᠠᠨ ᠣᠳᠣᠨ ᠳᠡᠰ | ᠤᠨ ᠭᠦᠸᠧ ᠬᠤᠸ ᠪᠠᠭᠤᠳᠠᠯ ᠢ ᠪᠠᠷᠢᠯᠭ᠎ᠠ ᠳᠠᠭᠤᠰᠬᠠᠨ ᠠᠰᠢᠭᠯᠠᠯᠳᠠ ᠳᠤ ᠣᠷᠣᠭᠤᠯᠣᠨ᠂ ᠳᠦᠷᠪᠡᠨ ᠣᠳᠣᠨ ᠳᠡᠰ | ᠤᠨ ᠪᠠᠭᠤᠳᠠᠯ ᠤᠨ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠢ ᠳᠦᠰᠦᠪᠯᠡᠨ ᠦᠢᠯᠡᠳᠴᠦ᠂ ᠵᠢᠭᠤᠯᠴᠢᠳ ᠤᠨ ᠢᠷᠡᠯᠲᠡ ᠶᠢᠨ | ᠭᠠᠵᠠᠷ ᠤᠨ ᠤᠬᠠᠭᠤᠯᠭ᠎ᠠ ᠲᠠᠨᠢᠯᠴᠠᠭᠤᠯᠭ᠎ᠠ ᠶᠢ ᠨᠠᠷᠢᠯᠢᠭ ᠣᠨᠣᠴᠠᠲᠠᠢ ᠪᠠᠷ ᠥᠷᠨᠢᠭᠦᠯᠦᠨ᠎ᠡ᠃ ᠰᠣᠶᠣᠯ | ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠨᠠᠷᠢᠨ ᠨᠢᠮᠪᠠᠢ ᠪᠡᠯᠡᠳᠬᠡᠵᠦ᠂ ᠨᠠᠢᠮᠠᠳᠤᠭᠠᠷ | ᠬᠤᠭᠤᠴᠠᠭᠠᠨ ᠤ ︽ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ᠂ ᠠᠷᠪᠠᠨ ᠳᠣᠯᠣᠳᠤᠭᠠᠷ | ᠬᠤᠭᠤᠴᠠᠭᠠᠨ ᠤ ᠵᠤᠨ ᠤ ᠤᠯᠠᠷᠢᠯ ᠤᠨ ᠰᠣᠶᠣᠯ ᠤᠷᠠᠯᠢᠭ ᠤᠨ ᠨᠠᠶᠢᠷ ᠢ ᠡᠷᠭᠢᠯᠡᠨ᠎ᠡ᠃ ᠠᠳᠤᠭᠤᠨ ᠤ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠳᠣᠮᠣ ᠡᠬᠦᠯᠳᠡᠷ ᠤᠨ ᠮᠣᠷᠢ᠂ ᠮᠣᠷᠢᠨ ᠤᠷᠤᠯᠳᠤᠭᠠᠨ ᠤ ᠦᠵᠡᠮᠦᠷᠢ ᠵᠡᠷᠭᠡ | ᠭᠠᠳᠠᠭᠠᠳᠤ ᠠᠴᠠ ᠣᠷᠣᠭᠤᠯᠬᠤ ᠲᠤᠬᠠᠶᠢᠯᠠᠭᠰᠠᠨ ᠠᠵᠢᠯ ᠢ ᠲᠦᠷᠭᠡᠳᠬᠡᠨ ᠰᠡᠷᠭᠦᠭᠡᠵᠦ᠂ ᠰᠢᠯᠢᠳᠡᠭ ᠰᠠᠶᠢᠨ | ᠠᠳᠤᠭᠤᠨ ᠤ ᠡᠭᠦᠯᠳᠡᠷ ᠢ ᠰᠠᠶᠢᠵᠢᠷᠠᠭᠤᠯᠬᠤ᠂ ᠦᠷᠡᠵᠢᠭᠦᠯᠦᠨ ᠪᠣᠶᠢᠵᠢᠭᠤᠯᠬᠤ ᠶᠢ ᠢᠳᠡᠪᠬᠢᠲᠡᠢ ᠪᠠᠷ ᠬᠦᠭᠵᠢᠬᠦᠯᠵᠦ᠂ | ᠮᠣᠷᠢᠨ ᠮᠡᠷᠭᠡᠵᠢᠯ ᠤᠨ ᠺᠯᠦ᠋ᠪ᠂ ᠮᠣᠷᠢᠨ ᠮᠡᠷᠭᠡᠵᠢᠯ ᠤᠨ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ᠂ ᠮᠣᠷᠢᠨ | ᠮᠡᠷᠭᠡᠵᠢᠯ᠂ ᠮᠣᠷᠢᠨ ᠤ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠯᠡᠵᠦ᠂ ᠠᠳᠣᠭᠤ ᠭᠠᠳᠠᠭᠠᠳᠤ ᠠᠴᠠ | ᠣᠷᠣᠭᠤᠯᠵᠤ ᠠᠷᠠᠯᠵᠢᠶᠠᠯᠠᠬᠤ ᠠᠵᠢᠯ ᠢ ᠰᠠᠶᠢᠲᠤᠷ ᠬᠢᠨ᠎ᠡ᠃ ᠡᠷᠢᠶᠡᠨ ᠬᠤᠲᠠ ᠶᠢᠨ ᠳᠤᠮᠳᠠᠳᠤ ᠮᠣᠩᠭᠤᠯ ᠣᠷᠣᠰ ᠤᠨ | ᠠᠵᠤ ᠠᠬᠤᠢ ᠠᠷᠠᠯᠵᠢᠶ᠎ᠠ ᠶᠢᠨ ᠬᠠᠮᠳᠣᠷᠠᠯᠴᠠᠭᠠᠨ ᠤ ᠬᠤᠷᠠᠯ ᠢ ᠰᠠᠶᠢᠲᠤᠷ ᠪᠡᠯᠡᠳᠬᠡᠨ ᠵᠣᠬᠢᠶᠠᠨ ᠪᠠᠶᠢᠭᠤᠯᠵᠤ᠂ | ᠮᠣᠩᠭᠤᠯ ᠯᠤᠭ᠎ᠠ ᠶᠢᠨ ᠠᠷᠠᠯᠵᠢᠶ᠎ᠠ᠂ ᠡᠵᠡᠩᠨᠡᠨ ᠪᠣᠷᠣᠯᠠᠭᠤᠯᠬᠤ ᠬᠤᠲᠠ ᠶᠢᠨ ᠨᠠᠷᠠᠲᠤ ᠲᠡᠮᠳᠡᠭᠲᠦ ᠶᠢ ᠠᠬᠢᠭᠤᠯᠤᠨ᠂ | ᠪᠣᠭᠤᠮᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠶᠢᠨ | ᠰᠤᠷᠪᠤᠯᠵᠢ ᠶᠢᠨ ᠦᠢᠯᠡᠰ ᠤᠨ ᠬᠥᠭᠵᠢᠯᠲᠡ ᠶᠢ ᠳᠦᠷᠭᠡᠳᠬᠡᠨ᠎ᠡ᠃ ᠲᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠬᠦ ᠪᠠᠭᠲᠠᠭᠠᠮᠵᠢ ᠶᠢ | ᠲᠣᠣᠷ ᠲᠤ ᠨᠡᠶᠢᠯᠡᠭᠦᠯᠬᠦ ᠶᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠵᠤ᠂ ᠪᠡᠭᠡᠵᠢᠩ ᠬᠤᠳᠠ ᠶᠢᠨ 2.3 ᠲᠦᠮᠡᠨ | ᠺᠢᠯᠣᠸᠠᠲ ᠤᠨ ᠭᠡᠷᠡᠯ ᠴᠠᠬᠢᠯᠭᠠᠨ ᠤ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ | ᠪᠦᠬᠦ ᠬᠤᠳᠠ ᠶᠢᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 75 | ᠲᠦᠮᠡᠨ ᠺᠢᠯᠣᠸᠠᠲ ᠲᠤ ᠬᠦᠷᠭᠡᠬᠦ ᠪᠠᠷ ᠴᠢᠷᠮᠠᠶᠢᠨ᠎ᠠ᠃ ︽ᠴᠡᠪᠡᠷ ᠡᠨᠧᠷᠭᠢ +︾ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ 5 ᠲᠦᠮᠡᠨ ᠲᠣᠨ ᠯᠢᠲ᠋ᠢ ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ | ᠪᠣᠯᠪᠠᠰᠤᠷᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠲᠤᠬᠠᠢ ᠶᠢᠨ ᠭᠠᠵᠠᠷ ᠲᠤᠨᠢ | ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠶᠢᠨ ᠰᠤᠷᠪᠤᠯᠵᠢ ᠶᠢᠨ ᠬᠢᠯᠢ ᠠᠯᠤᠰᠯᠠᠨ ᠴᠠᠬᠢᠯᠭᠠᠨ | ᠬᠦᠷᠭᠡᠬᠦ ᠪᠠ ᠬᠡᠷᠡᠭᠯᠡᠬᠦ ᠬᠠᠮᠲᠤᠷᠠᠯᠴᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠴᠡᠪᠡᠷ ᠡᠨᠧᠷᠭᠢ ᠶᠢᠨ | ᠰᠤᠷᠪᠤᠯᠵᠢ ᠶᠢᠨ ᠲᠣᠭᠲᠠᠪᠤᠷᠢᠲᠤ ᠴᠢᠨᠠᠷ ᠪᠠ ᠠᠰᠢᠭᠯᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠬᠤᠶᠠᠷ︶ ᠬᠥᠭᠵᠢᠯᠲᠡ ᠶᠢᠨ ᠬᠥᠳᠡᠯᠭᠡᠭᠴᠢ ᠴᠢᠳᠠᠮᠵᠢ ᠶᠢ ᠬᠥᠭᠵᠢᠭᠡᠬᠦ ᠪᠠᠷ ᠭᠤᠣᠯ ᠰᠢᠵᠢᠮ ᠪᠣᠯᠭᠠᠵᠤ᠂ | ᠭᠠᠳᠠᠭᠠᠳᠦ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠥᠷᠭᠡᠳᠬᠡᠨ᠎ᠡ | ᠨᠡᠭᠡᠭᠡᠯᠲᠡ ᠶᠢᠨ ᠲᠠᠪᠴᠠᠩ ᠤᠨ ᠠᠴᠢᠶᠠᠯᠠᠪᠤᠷᠢ ᠶᠢ ᠬᠦᠴᠦᠯᠡᠨ ᠬᠦᠴᠦᠷᠬᠡᠭᠵᠢᠭᠦᠯᠦᠨ᠎ᠡ᠃ ᠳᠤᠮᠳᠠᠳᠤ | ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠳᠣᠭᠤᠷᠢᠭ ᠢ ᠪᠠᠶᠢᠭᠤᠯᠬᠤ ᠪᠠᠷ ᠭᠤᠶᠤᠴᠢᠯᠠᠬᠤ ᠠᠬᠢᠴᠠ ᠶᠢ | ᠲᠦᠷᠭᠡᠳᠬᠡᠵᠦ᠂ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠬᠦ ᠶᠢ | ᠠᠬᠢᠭᠤᠯᠤᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ᠂ ᠪᠠᠷᠠᠭ᠎ᠠ ᠬᠤᠳᠠᠯᠳᠤᠨ ᠠᠪᠬᠤ ᠳᠤ ᠭᠠᠶᠢᠯᠢ ᠠᠴᠠ | ᠬᠡᠯᠲᠦᠷᠢᠭᠦᠯᠬᠦ ᠵᠡᠷᠭᠡ ᠭᠤᠣᠯᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠬᠦᠭᠡᠭᠡᠴᠡᠯᠳᠦᠨ ᠣᠯᠵᠤ᠂ | ᠬᠠᠮᠲᠤᠷᠠᠯᠴᠠᠭᠠᠨ ᠤ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠣᠯᠬᠤ ᠶᠢ ᠪᠥᠬᠦ | ᠬᠦᠴᠦᠨ ᠢᠶᠠᠷ ᠠᠬᠢᠭᠤᠯᠤᠨ᠎ᠠ᠃ ᠶᠡᠷᠦᠩᠬᠡᠶᠢᠯᠡᠨ ᠪᠠᠶᠢᠴᠠᠭᠠᠨ ᠰᠢᠯᠭᠠᠬᠤ ᠠᠰᠠᠷ ᠵᠢᠴᠢ ᠢᠵᠢ ᠪᠦᠷᠢᠨ ᠰᠠᠭᠤᠷᠢ | ᠳᠦᠬᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠪᠢᠳᠡᠬᠦᠣ ᠡᠵᠡᠮᠰᠢᠯᠳᠦ | ᠪᠣᠭᠤᠮᠳᠠ ᠶᠢᠨ ᠡᠵᠡᠩᠨᠡᠯᠳᠠ ᠶᠢᠨ ᠨᠥᠬᠦᠴᠡᠯ ᠢ ᠪᠦᠷᠢᠳᠦᠭᠦᠯᠦᠨ᠎ᠡ᠃ ᠳᠤᠮᠳᠠᠳᠤ ᠮᠣᠩᠭᠤᠯ ᠤᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠤ ᠵᠠᠰᠠᠮᠠᠯ ᠵᠠᠮ ᠲᠡᠮᠦᠷ ᠵᠠᠮ ᠤᠨ ᠲᠥᠯᠦᠪᠵᠢᠭᠦᠯᠭᠡ ᠵᠢᠴᠢ ᠣᠶᠤᠨᠴᠢ ᠨᠡᠪᠲᠡᠷᠡᠬᠦ | ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠰᠠᠭᠠᠳ ᠦᠭᠡᠢ ᠨᠡᠪᠲᠡᠷᠡᠬᠦ᠂ | ᠲᠦᠷᠭᠡᠨ ᠣᠷᠣᠭᠤᠯᠵᠤ ᠲᠦᠷᠭᠡᠨ ᠭᠠᠷᠭᠠᠬᠤ ᠶᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠨ᠎ᠠ᠃ ᠭᠠᠶᠢᠯᠢ ᠶᠢᠨ | ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠳᠡᠮᠵᠢᠯᠭᠡ ᠶᠢ ᠣᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ | ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠠᠵᠢᠯ ᠳᠦᠷᠦᠯ ᠢ ᠳᠠᠬᠢᠨ ᠡᠬᠢᠯᠡᠭᠦᠯᠵᠦ᠂ ᠵᠢᠯ ᠤᠨ | ᠳᠣᠲᠣᠷ᠎ᠠ ᠬᠤᠳᠠᠯᠳᠣᠭᠠᠨ ᠤ ᠳᠣᠭᠤᠷᠢᠭ ᠤᠨ ᠳᠠᠸᠠᠷ ᠤᠨ ᠬᠡᠪᠴᠢᠶᠡᠵᠢᠭᠦᠯᠦᠨ ᠭᠠᠳᠠᠭᠠᠳᠤ ᠠᠴᠠ ᠣᠷᠣᠭᠤᠯᠬᠤ ᠶᠢ | ᠪᠡᠶᠡᠯᠡᠭᠦᠯᠦᠨ᠎ᠡ᠃ ᠡᠳ᠋ᠰᠢᠭᠦᠯᠬᠦ᠂ ᠪᠡᠯᠡ ᠣᠷᠣᠭᠤᠯᠬᠤ᠂ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢᠨ | ᠲᠣᠭᠤᠷᠢᠨ ᠳᠤ᠂ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠰᠠᠭᠤᠷᠢ ᠳᠦᠬᠦᠭᠡᠷᠦᠮᠵᠢ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠳᠠᠭᠠᠳᠤ ᠠᠴᠠ ᠣᠷᠣᠭᠤᠯᠬᠤ | ᠡᠬᠢ ᠪᠠᠶᠠᠯᠢᠭ ᠢ ᠳᠣᠬᠠᠢ ᠶᠢᠨ ᠭᠠᠵᠠᠷ ᠲᠤ ᠨᠢ ᠡᠳ᠋ᠰᠢᠭᠦᠯᠬᠦ ︽ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ | ᠣᠷᠣᠨ︾ ᠢ ᠪᠣᠶ ᠪᠣᠯᠭᠠᠨ᠎ᠠ᠃ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠭᠤᠷᠢᠭ ᠤᠨ ᠰᠤᠯᠠ ᠰᠡᠯᠡᠬᠦᠣ | ᠭᠠᠵᠠᠷ ᠰᠢᠷᠣᠢ ᠶᠢ ᠴᠡᠪᠡᠷᠯᠡᠬᠦ ᠶᠢ ᠬᠦᠴᠦᠲᠡᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠪᠣᠳᠠᠲᠤ ᠬᠦᠴᠦᠨ ᠲᠠᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠡᠳ᠋ᠰᠢᠭᠦᠯᠬᠦ ᠠᠵᠤ | ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠭᠠᠶᠢᠯᠢ ᠪᠠᠲᠤᠯᠠᠬᠤ ᠬᠥᠮᠥᠷᠭᠡ ᠳᠤ | ᠲᠦᠰᠢᠭᠯᠡᠨ᠂ ᠤᠯᠤᠰ ᠤᠨ ᠥᠮᠴᠢᠯᠡᠯᠲᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠢᠨᠠᠨ | ᠬᠠᠮᠢᠶᠠᠷᠬᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠶᠡᠬᠡᠰᠬᠡᠨ᠎ᠡ᠃ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠲᠡᠮᠦᠷ ᠵᠠᠮ᠂ ᠵᠠᠰᠠᠮᠠᠯ ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠳᠠᠯᠳᠠ | ᠬᠦᠴᠦᠨ ᠢ ᠭᠦᠨ ᠠᠭᠤᠳᠠᠯᠵᠤ᠂ ᠣᠷᠣᠭᠤᠯᠬᠤ ᠬᠦᠰᠡᠯ ᠲᠠᠢ ᠲᠠᠸᠠᠷ ᠢ ᠣᠷᠣᠭᠤᠯᠵᠤ᠂ ᠭᠠᠷᠭᠠᠬᠤ ᠰᠠᠨᠠᠭ᠎ᠠ ᠲᠠᠢ | ᠪᠦᠲᠦᠭᠡᠭᠳᠡᠬᠦᠨ ᠢ ᠭᠠᠷᠭᠠᠨ᠎ᠠ᠃ ᠲᠡᠮᠦᠷ ᠵᠠᠮ ᠤᠨ ᠪᠣᠭᠤᠮᠲᠠ ᠶᠢᠨ ᠲᠠᠯ᠎ᠠ ᠪᠠᠷ᠂ ᠳᠡᠭᠡᠭᠰᠢ ᠵᠣᠯᠭᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ ᠶᠢᠨ ᠡᠷᠢᠶᠡᠨ | ᠬᠤᠲᠠ ᠶᠢᠨ ᠰᠠᠭᠤᠷᠢᠨ ᠭᠠᠵᠠᠷ᠂ ᠢ ᠯᠠ ᠯᠧ ᠶᠠᠨ ᠳᠣᠮᠣ ᠬᠡᠮᠵᠢᠶᠡᠨ ᠤ ᠪᠠᠷᠠᠭᠠᠨ ᠤ ᠲᠤᠰᠬᠠᠢ ᠬᠡᠷᠡᠭᠯᠡᠭᠡᠨ ᠤ | ᠲᠣᠭᠤᠷᠢᠭ ᠵᠡᠷᠭᠡ ᠲᠥᠷᠥᠯ ᠵᠦᠢᠯ ᠢ ᠡᠬᠢᠯᠡᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠮᠠᠰᠢᠨ ᠮᠧᠬᠠᠨᠢᠭ ᠤᠨ | ᠲᠣᠭᠤᠷᠢᠭ ᠤᠨ ᠴᠢᠩᠭᠡᠯᠢᠭ ᠢ ᠰᠣᠯᠢᠵᠤ ᠠᠴᠢᠶᠠᠯᠠᠬᠤ ᠴᠢᠳᠠᠪᠤᠷᠢ ᠶᠢᠨ ᠥᠭᠡᠷᠡᠴᠢᠯᠡᠯᠲᠡ᠂ ᠬᠢᠯᠢ ᠶᠢᠨ | ᠪᠠᠶᠢᠴᠠᠭᠠᠯᠲᠠ ᠶᠢᠨ ᠪᠠᠶᠢᠴᠠᠭᠠᠨ ᠰᠢᠯᠭᠠᠬᠤ ᠲᠣᠭᠤᠷᠢᠭ ᠤᠨ ᠳᠡᠰ ᠳᠡᠪᠰᠢᠬᠦᠯᠬᠦ ᠲᠥᠷᠥᠯ ᠵᠦᠢᠯ ᠢ ᠳᠠᠭᠤᠰᠬᠠᠵᠤ | ᠠᠰᠢᠭᠯᠠᠯᠲᠠ ᠳᠤ ᠣᠷᠣᠭᠤᠯᠣᠨᠡ᠃ ᠵᠠᠰᠠᠮᠠᠯ ᠵᠠᠮ ᠤᠨ ᠪᠣᠭᠤᠮᠲᠠ ᠶᠢᠨ ᠲᠠᠯ᠎ᠠ ᠪᠠᠷ᠂ 7 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠵᠢᠯᠣᠭᠤᠴᠢ ᠦᠭᠡᠢ ᠣᠶᠤᠨᠲᠤ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠨᠢᠭᠡᠳᠦᠭᠡᠷ | ᠬᠤᠭᠤᠴᠠᠭᠠᠨ ᠤ ᠪᠥᠬᠦ ᠴᠤᠪᠤᠷᠠᠯ ᠢᠶᠠᠷ ᠠᠵᠢᠯᠯᠠᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠭᠠᠳᠠᠭᠠᠳᠤ ᠠᠴᠠ | ᠣᠷᠣᠭᠤᠯᠬᠤ ᠨᠡᠭᠦᠷᠡᠰᠦᠨ ᠤ ᠲᠤᠰᠬᠠᠢ ᠬᠢᠨᠠᠯᠲᠠ ᠬᠠᠮᠢᠶᠠᠷᠤᠯᠲᠠ ᠶᠢᠨ ᠬᠥᠮᠥᠷᠭᠡᠯᠡᠨ ᠬᠠᠳᠠᠭᠠᠯᠠᠬᠤ ᠣᠷᠣᠨ ᠤ ᠲᠥᠷᠥᠯ | ᠵᠦᠢᠯ ᠢ ᠵᠡᠷᠭᠡᠪᠡᠷ ᠬᠡᠷᠡᠭᠵᠢᠭᠦᠯᠵᠦ᠂ ᠵᠢᠯ ᠤᠨ ᠳᠣᠲᠣᠷ᠎ᠠ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠴᠢᠳᠠᠮᠵᠢ ᠶᠢ ᠳᠡᠭᠡᠭᠰᠢᠯᠡᠭᠦᠯᠦᠭᠡᠳ 200 ᠳᠦᠮᠡᠨ ᠳᠣᠨ ᠬᠦᠷᠭᠡᠨ᠎ᠡ᠃ ᠵᠠᠰᠠᠮᠠᠯ ᠵᠠᠮ ᠤᠨ ᠪᠣᠭᠤᠮᠲᠠ ᠶᠢᠨ | ᠬᠤᠶᠠᠳᠤᠭᠠᠷ ᠭᠠᠷᠴᠠ᠂ ᠣᠶᠤᠨᠲᠤ ᠪᠣᠭᠤᠮᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ᠂ | ᠪᠣᠭᠤᠮᠲᠠ ᠶᠢᠨ ᠢᠵᠢ ᠪᠦᠷᠢᠨ ᠳᠦᠬᠦᠭᠡᠷᠦᠮᠵᠢ ᠶᠢ ᠳᠡᠰ ᠳᠡᠪᠰᠢᠬᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠢ | ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠣ᠂ ᠡᠷᠢᠶᠡᠨ — | ᠭᠤᠸᠠᠩᠵᠸᠤ ᠴᠢᠭᠯᠡᠯ ᠤᠨ ᠬᠤᠷᠳᠣᠨ ᠤ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠵᠠᠰᠠᠮᠠᠯ | ᠵᠠᠮ ᠤᠨ ᠪᠥᠬᠦ ᠲᠠᠯ᠎ᠠ ᠪᠠᠷ ᠲᠡᠷᠭᠡ ᠨᠡᠪᠲᠡᠷᠡᠬᠦ ᠶᠢ ᠲᠦᠷᠭᠡᠳᠬᠡᠨ ᠠᠬᠢᠭᠤᠯᠤᠨ᠎ᠠ᠃ ᠠᠭᠠᠷ ᠤᠨ ᠠᠶᠠᠯᠠᠯ ᠤᠨ | ᠪᠣᠭᠤᠮᠲᠠ ᠶᠢᠨ ᠲᠠᠯ᠎ᠠ ᠪᠠᠷ᠂ ᠪᠠᠷᠢᠮᠵᠢᠶ᠎ᠠ ᠶᠢ ᠳᠡᠰ ᠳᠡᠪᠰᠢᠬᠦᠯᠦᠨ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ | ᠣᠯᠠᠨ ᠤᠯᠤᠰ ᠤᠨ ᠠᠭᠠᠷ ᠤᠨ ᠠᠶᠠᠯᠠᠯ ᠤᠨ ᠪᠣᠭᠤᠮᠲᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠬᠦ ᠶᠢᠨ ᠬᠠᠮᠲᠤ | ᠭᠠᠳᠠᠭᠰᠢ ᠨᠡᠭᠡᠭᠡᠯᠲᠡ ᠬᠢᠬᠦ ᠶᠢ ᠪᠡᠶᠡᠯᠡᠬᠦᠯᠦᠨ᠎ᠡ᠃ ᠡᠭᠦᠨ ᠤ ᠬᠠᠮᠲᠤ᠂ ᠡᠷᠢᠶᠡᠨ ︱ ᠤᠯᠠᠭᠠᠨᠪᠠᠭᠠᠲᠤᠷ ︱ | ᠣᠯᠠᠭᠠᠠᠦ᠋ᠳᠡ ᠶᠢᠨ ᠲᠡᠮᠦᠷ ᠵᠠᠮ ᠤᠨ ᠲᠠᠰ ᠳᠡᠪᠰᠢᠭᠦᠯᠦᠨ ᠥᠭᠡᠷᠡᠴᠢᠯᠡᠬᠦ᠂ ᠽᠦᠩᠪᠠᠶᠠᠨ︱ ᠵᠠᠮ ᠤᠨ ᠡᠭᠦᠳᠡ ᠶᠢᠨ | ᠬᠦᠨᠳᠦ ᠠᠴᠢᠶᠠᠨ ᠤ ᠵᠠᠰᠠᠮᠠᠯ ᠵᠠᠮ᠂ ᠳᠤᠮᠳᠠᠳᠤ ᠮᠣᠩᠭᠤᠯ ᠣᠷᠣᠰ ᠤᠨ ᠬᠢᠯᠢ ᠠᠯᠤᠰᠯᠠᠭᠰᠠᠨ ᠬᠤᠷᠳᠣᠨ ᠤ ᠵᠠᠮ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠴᠢᠬᠤᠯᠠ ᠶᠡᠭᠡ ᠲᠥᠷᠥᠯ ᠵᠦᠢᠯ ᠢ ᠦᠷᠭᠦᠯᠵᠢᠯᠡᠨ | ᠠᠬᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠬᠦ ᠶᠢᠨ ᠬᠠᠮᠲᠤ ᠤᠷᠢᠳᠴᠢᠯᠠᠨ ᠭᠡᠷᠡᠭᠵᠢᠬᠦᠯᠦᠨ᠎ᠡ | ᠃ | ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠳᠤᠮᠳᠠᠳᠤ ᠮᠣᠩᠭᠤᠯ | ᠬᠤᠶᠠᠷ ᠤᠯᠤᠰ ᠤᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠠᠬᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ᠵᠢᠴᠢ ᠬᠤᠶᠠᠷ ᠲᠠᠯ᠎ᠠ ᠪᠠᠷ ᠢᠶᠠᠨ 16 | ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠲᠣᠬᠢᠶᠠᠯ ᠢ ᠠᠰᠢᠭᠯᠠᠨ᠂ | ᠮᠣᠩᠭᠤᠯ ᠤᠷᠤᠰ ᠯᠤᠭ᠎ᠠ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠪᠣᠳᠠᠲᠠᠢ ᠬᠠᠮᠲᠤᠷᠠᠯᠴᠠᠭ᠎ᠠ ᠶᠢ | ᠪᠠᠬᠢᠵᠢᠭᠦᠯᠦᠨ ᠥᠷᠭᠡᠳᠬᠡᠵᠦ᠂ ᠪᠡᠯᠡ ᠣᠷᠣᠭᠤᠯᠵᠤ ᠬᠤᠳᠠᠯᠳᠤᠭᠠᠴᠢᠨ ᠤᠷᠢᠬᠤ᠂ ᠪᠣᠭᠤᠮᠲᠠ ᠪᠠᠷ ᠥᠩᠭᠡᠷᠡᠬᠦ ᠶᠢ | ᠳᠥᠭᠦᠮᠴᠢᠯᠡᠬᠦ ᠵᠡᠷᠭᠡ ᠵᠥᠪᠳᠡᠯᠴᠡᠬᠦ ᠲᠣᠭᠲᠠᠴᠠ ᠶᠢ ᠪᠦᠷᠢᠨᠰᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠤ ᠰᠢᠨ᠎ᠡ | ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠥᠬᠡᠭᠴᠢᠨ | ᠲᠥᠷᠥᠯ ᠤᠨ ᠬᠠᠯᠳᠠᠪᠣᠷᠢᠳᠣ ᠡᠪᠡᠳᠴᠢᠨ ᠳᠤ ᠬᠠᠷᠢᠶᠠᠯᠠᠭᠳᠠᠭᠤᠯᠣᠨ ᠬᠥᠬᠡᠭᠴᠢᠨ ᠲᠥᠷᠥᠯ ᠤᠨ ᠬᠠᠮᠢᠶᠠᠷᠤᠯᠲᠠ | ᠬᠡᠷᠡᠭᠵᠢᠭᠦᠯᠦᠭᠰᠡᠨ ᠤ ᠳᠠᠷᠠᠭᠠᠬᠢ ᠳᠤᠮᠳᠠᠳᠤ ᠭᠠᠳᠠᠭᠠᠳᠤ ᠶᠢᠨ ᠬᠥᠮᠥᠰ ᠤᠨ ᠬᠠᠷᠢᠯᠴᠠᠭ᠎ᠠ ᠨᠡᠪᠳᠡᠷᠡᠯᠴᠡᠭᠡ ᠶᠢᠨ ᠲᠦᠷ | ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠠᠨᠴᠢᠳ ᠤᠨ ᠪᠠᠶᠢᠴᠠᠭᠠᠯᠲᠠ ᠶᠢᠨ ᠨᠡᠪᠲᠡᠷᠡᠬᠦ | ᠵᠠᠮ ᠰᠡᠷᠭᠦᠭᠡᠨ ᠨᠡᠪᠳᠡᠷᠡᠭᠦᠯᠬᠦ ᠶᠢ ᠲᠦᠷᠭᠡᠳᠭᠡᠨ ᠠᠬᠢᠭᠤᠯᠤᠨ᠎ᠠ᠃ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ | ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ︽ᠪᠠᠷᠠᠭᠠᠨ ᠤ ᠭᠦᠢᠯᠭᠡᠭᠡ + ᠠᠷᠠᠯᠵᠢᠶ᠎ᠠ ᠬᠤᠳᠠᠯᠳᠤᠭ᠎ᠠ + ᠭᠠᠶᠢᠯᠢ ᠶᠢ ᠪᠠᠳᠣᠯᠠᠨ ᠡᠳ᠋ᠰᠢᠭᠦᠯᠬᠦ︾ ᠠᠵᠤ | ᠦᠢᠯᠡᠰ ᠤᠨ ᠰᠦᠷᠦᠭᠵᠢᠯ ᠢ ᠪᠠᠶᠢᠭᠤᠯᠬᠤ ᠶᠢᠨ ᠲᠣᠭᠤᠷᠢᠨ ᠳᠤ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ᠂ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠬᠦᠨᠵᠡᠬᠡᠢ ᠬᠠᠮᠳᠣᠷᠠᠨ ᠠᠵᠢᠯᠯᠠᠬᠤ ᠶᠢ ᠠᠬᠢᠭᠤᠯᠣᠨ᠎ᠠ᠃ ᠣᠯᠠᠨ ᠤᠯᠤᠰ ᠤᠨ ᠬᠤᠳᠠᠯᠳᠤᠭ᠎ᠠ | ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠤᠨ ᠳᠠᠪᠠᠭᠤᠯᠢᠭ ᠢ ᠪᠠᠳᠠᠷᠠᠭᠤᠯᠵᠤ᠂ ᠪᠡᠭᠡᠵᠢᠩ | ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠲᠣᠭᠤᠷᠢᠭ ᠤᠨ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠬᠤᠪᠢᠶᠠᠷᠢᠯᠠᠯ ᠢ ᠢᠳᠡᠪᠬᠢᠲᠡᠢ ᠪᠠᠷ | ᠳᠠᠭᠠᠭᠠᠨ ᠠᠪᠴᠤ᠂ ᠡᠨᠧᠷᠭᠢ ᠠᠭᠤᠷᠬᠠᠢ ᠶᠢᠨ ᠭᠠᠷᠤᠯᠲᠠ᠂ ᠭᠠᠳᠠᠭᠠᠳᠤ ᠠᠴᠠ ᠣᠷᠣᠭᠤᠯᠤᠭᠰᠠᠨ ᠮᠠᠯ ᠤᠨ ᠠᠰᠢᠭ | ᠰᠢᠮ᠎ᠡ ᠶᠢ ᠡᠳ᠋ᠰᠢᠭᠦᠯᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠳᠤ ᠬᠠᠮᠲᠤᠷᠠᠯᠴᠠᠭ᠎ᠠ | ᠥᠷᠨᠢᠭᠦᠯᠬᠦ ᠶᠢ ᠠᠬᠢᠭᠤᠯᠤᠨ᠎ᠠ᠃ ᠪᠦᠸᠧᠬᠠᠢ ᠲᠠᠩᠭᠢᠰ ᠤᠨ ᠡᠷᠬᠢ ᠳᠠᠭᠠᠣ ᠭᠠᠷᠠᠮ ᠯᠤᠭ᠎ᠠ ᠡᠬᠡ ᠬᠠᠭᠤᠷᠠᠢ ᠶᠢᠨ | ᠭᠠᠷᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ | ᠬᠥᠮᠥᠷᠭᠡᠯᠡᠨ ᠬᠠᠳᠠᠭᠠᠯᠠᠬᠤ᠂ ᠳᠠᠮᠵᠢᠭᠤᠯᠤᠨ ᠬᠦᠷᠭᠡᠬᠦ᠂ ᠲᠣᠬᠢᠷᠠᠭᠤᠯᠤᠨ ᠬᠦᠷᠭᠡᠬᠦ ᠴᠢᠳᠠᠮᠵᠢ ᠶᠢ ᠴᠢᠩᠭᠠᠷᠠᠭᠤᠯᠵᠤ᠂ | ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠪᠠ ᠭᠠᠷᠠᠮ ᠤᠨ ᠲᠡᠭᠡᠭᠡᠪᠦᠷᠢ ᠶᠢ ᠪᠦᠲᠦᠮᠵᠢᠲᠡᠶ ᠪᠠᠷ | ᠵᠣᠯᠭᠠᠭᠤᠯᠤᠭᠰᠠᠨ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠭᠰᠡᠨ ᠤᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ᠰᠢᠰᠲ᠋ᠧᠮ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ | ︵ᠭᠤᠷᠪᠠ︶ ᠬᠤᠲᠠ ᠬᠥᠳᠡᠭᠡ ᠶᠢᠨ ᠴᠢᠳᠠᠮᠵᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠬᠤᠲᠠ ᠬᠥᠳᠡᠭᠡ ᠶᠢᠨ | ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ | ᠬᠤᠳᠠ ᠶᠢᠨ ᠴᠢᠳᠠᠮᠵᠢ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠶᠢ ᠰᠢᠨᠡᠳᠬᠡᠬᠦ | ᠠᠵᠢᠯᠯᠠᠭ᠎ᠠ ᠶᠢ ᠨᠠᠷᠢᠨ ᠨᠢᠮᠪᠠᠢ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠲᠠ ᠶᠢᠨ ᠤᠰᠤ ᠬᠠᠩᠭᠠᠬᠤ᠂ ᠤᠰᠤ | ᠵᠠᠯᠠᠬᠤ᠂ ᠪᠣᠬᠢᠷ ᠤᠰᠤᠨ ᠤ ᠬᠤᠭᠤᠯᠠᠢ ᠶᠢᠨ ᠲᠣᠣᠷ ᠵᠢᠴᠢ ᠪᠣᠯᠪᠠᠰᠤᠨ ᠬᠤᠲᠠ ᠶᠢᠨ ᠰᠠᠭᠤᠷᠢ ᠳᠦᠬᠦᠭᠡᠷᠦᠮᠵᠢ ᠶᠢ | ᠡᠭᠦᠳᠦᠨ ᠪᠠᠶᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠴᠡᠪᠡᠷᠰᠢᠬᠦᠯᠦᠭᠰᠡᠨ ᠤᠰᠤ ᠶᠢ | ᠡᠷᠭᠢᠯᠳᠦᠭᠦᠯᠦᠨ ᠠᠰᠢᠭᠯᠠᠬᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠬᠤᠳᠠ ᠶᠢᠨ ︽ᠬᠤᠵᠢᠭᠢᠷ ᠲᠣᠪᠤ︾ ᠶᠢᠨ ᠠᠮᠢ ᠠᠬᠤᠢ ᠶᠢᠨ ᠵᠠᠰᠠᠯᠲᠠ ᠶᠢ ᠡᠬᠢᠯᠡᠭᠦᠯᠦᠨ | ᠬᠡᠷᠡᠭᠵᠢᠭᠦᠯᠵᠦ᠂ ᠵᠠᠮ ᠢ ᠨᠣᠭᠤᠭᠠᠷᠠᠭᠤᠯᠵᠤ ᠨᠥᠬᠦᠵᠦ ᠲᠠᠷᠢᠬᠤ᠂ ᠬᠤᠨᠳᠣ ᠨᠠᠭᠤᠷ ᠤᠨ ᠴᠡᠴᠡᠷᠯᠢᠭ ᠢ ᠰᠡᠯᠪᠢᠨ | ᠵᠠᠰᠠᠵᠤ ᠥᠭᠡᠷᠡᠴᠢᠯᠡᠬᠦ᠂ ᠣᠯᠢᠮᠫᠢᠺ ᠤᠨ ᠴᠡᠴᠡᠷᠯᠢᠭ ᠤᠨ ᠤᠰᠤᠨ ᠰᠢᠰᠲ᠋ᠧᠮ ᠢ ᠵᠠᠰᠠᠬᠤ ᠵᠡᠷᠭᠡ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠤᠨ᠎ᠠ᠃ ᠪᠠᠷᠠᠭᠤᠨ ᠬᠤᠳᠠ | ᠲᠣᠭᠤᠷᠢᠭ ᠤᠨ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡᠨ ᠤ ᠬᠤᠣᠰ ᠪᠣᠴᠠᠯᠳᠠ ᠶᠢᠨ ᠱᠣᠭᠤᠮ | ᠤᠨ ᠥᠭᠡᠷᠡᠴᠢᠯᠡᠯᠲᠡ ᠵᠡᠷᠭᠡ ᠴᠠᠬᠢᠯᠭᠠᠨ ᠬᠠᠩᠭᠠᠬᠤ ᠢᠨᠵᠧᠨᠧᠷᠢᠩ ᠢ ᠪᠡᠶᠡᠯᠡᠭᠦᠯᠦᠨ᠎ᠡ᠃ ︽ᠨᠢᠭᠡ ᠲᠣᠭᠤᠷᠢᠭ ᠲᠤ | ᠨᠢᠭᠡ ᠨᠡᠷ᠎ᠡ ᠳᠡᠮᠳᠡᠭᠳᠣ︾ ᠶᠢᠨ ᠵᠠᠷᠴᠢᠮ ᠢ ᠪᠠᠷᠢᠮᠲᠠᠯᠠᠨ᠂ ᠳᠡᠭᠡᠳᠦ ᠵᠡᠷᠭᠡᠯᠡᠯ ᠤᠨ ᠣᠷᠣᠨ ᠰᠠᠭᠤᠴᠠ ᠶᠢᠨ ᠰᠠᠭᠤᠭᠠᠯᠢ | ᠲᠣᠭᠤᠷᠢᠭ ᠢ ᠪᠠᠶᠢᠭᠤᠯᠵᠤ᠂ ᠵᠢᠶᠦ᠋ᠨ ᠸᠧᠢ ᠱᠧᠦ ᠹᠦ᠋ ᠰᠠᠭᠤᠭᠠᠯᠢ ᠳᠣᠭᠤᠷᠢᠭ ᠤᠨ ᠨᠢᠭᠡᠳᠦᠭᠡᠷ ᠬᠤᠭᠤᠴᠠᠭ᠎ᠠ᠂ ᠹᠦ᠋ | ᠯᠢᠶᠠᠨ ᠮᠢᠩ ᠵᠢᠦᠢ ᠰᠠᠭᠤᠭᠠᠯᠢ ᠳᠣᠭᠤᠷᠢᠭ ᠤᠨ ᠬᠤᠶᠠᠳᠤᠭᠠᠷ ᠬᠤᠭᠤᠴᠠᠭ᠎ᠠ᠂ ᠲᠦᠩ ᠠᠨ ᠵᠢᠶᠦ᠋ᠨ ᠲᠠᠢ ᠰᠠᠭᠤᠭᠠᠯᠢ | ᠳᠣᠭᠤᠷᠢᠭ ᠤᠨ ᠭᠤᠷᠪᠠᠳᠤᠭᠠᠷ ᠬᠤᠭᠤᠴᠠᠭ᠎ᠠ᠂ ᠸᠠᠩ ᠶᠠ ᠲᠢᠩ ᠰᠠᠭᠤᠭᠠᠯᠢ ᠲᠣᠭᠤᠷᠢᠭ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠡᠬᠢ ᠪᠠᠶᠠᠯᠢᠭ ᠢ 10 | ᠳᠦᠮᠡᠨ ᠳᠡᠭᠰᠢ ᠳᠦᠷᠪᠡᠯᠵᠢᠨ ᠮᠧᠲᠷ ᠢ ᠰᠢᠨ᠎ᠡ ᠪᠠᠷ ᠡᠬᠢᠯᠡᠬᠦᠯᠦᠨ ᠪᠠᠶᠢᠭᠤᠯᠬᠤ ᠪᠠᠷ ᠴᠢᠷᠮᠠᠶᠢᠨ᠎ᠠ᠃ ᠬᠤᠳᠠ ᠶᠢᠨ | ᠵᠡᠭᠡᠯᠢ ᠲᠣᠭᠤᠷᠢᠭ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠡᠪᠳᠡᠷᠡᠭᠰᠡᠨ ᠵᠠᠮ᠂ ᠣᠨᠠᠵᠦ | ᠭᠤᠯᠴᠣᠷᠣᠭᠰᠠᠨ ᠬᠡᠷᠡᠮ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠬᠤᠳᠠ ᠶᠢᠨ ᠳᠦᠷᠰᠦ | ᠪᠠᠶᠢᠳᠠᠯ ᠢ ᠭᠤᠶᠣᠯᠠᠨ ᠴᠢᠮᠡᠭᠯᠡᠨ᠎ᠡ᠃ ᠬᠤᠲᠠ ᠶᠢᠨ ᠢᠯᠴᠢ ᠬᠠᠩᠭᠠᠬᠤ ᠰᠠᠭᠤᠷᠢ ᠳᠦᠬᠦᠭᠡᠷᠣᠮᠵᠢ ᠶᠢ ᠲᠦᠷᠭᠡᠳᠬᠡᠨ | ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ᠠᠷᠤ ᠳᠠᠷᠤᠯᠲᠠᠲᠤ ᠮᠠᠰᠢᠨ ᠴᠣᠭᠴᠠᠯᠠᠪᠤᠷᠢ ᠶᠢᠨ ᠢᠯᠴᠢ ᠴᠠᠬᠢᠯᠭᠠᠨ ᠢ | ᠬᠠᠮᠲᠤᠷᠠᠨ ᠲᠥᠪᠯᠡᠷᠡᠭᠦᠯᠦᠨ ᠢᠯᠴᠢ ᠬᠠᠩᠭᠠᠬᠤ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ 7 ᠲᠦᠮᠡᠨ | ᠮᠠᠰᠢᠨ ᠴᠣᠭᠴᠠᠯᠠᠪᠤᠷᠢ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠤᠯᠤᠰ ᠤᠨ ᠪᠣᠯᠪᠠᠰᠤᠨ | ᠬᠤᠳᠠ ᠶᠢᠨ ᠭᠦᠢᠴᠡᠳᠬᠡᠬᠦ ᠲᠣᠭᠠᠨ ᠤ ᠰᠢᠰᠲ᠋ᠧᠮ ᠢ ᠪᠠᠷᠢᠮᠵᠢᠶ᠎ᠠ ᠪᠠᠷ ᠡᠭᠦᠳᠦᠨ ᠪᠠᠶᠢᠭᠤᠯᠵᠤ᠂ ᠬᠤᠳᠠ ᠶᠢᠨ | ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠰᠠᠭᠤᠷᠢ ᠠᠵᠢᠯ ᠢ | ᠪᠣᠳᠠᠲᠠᠢ ᠪᠥᠭᠡᠳ ᠨᠠᠷᠢᠯᠢᠭ ᠠᠳᠬᠤᠵᠤ᠂ ᠨᠢᠭᠡ ᠨᠢᠭᠡ ᠪᠠᠷ ᠳᠤᠲᠠᠭᠤᠳᠠᠯ ᠢ ᠨᠥᠬᠦᠪᠦᠷᠢᠯᠡᠵᠦ᠂ ᠲᠦᠷᠦᠯ ᠵᠦᠢᠯ ᠢ | ᠪᠠᠭᠤᠷᠠᠭᠤᠯᠤᠨ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠥᠯᠦᠪᠵᠢᠭᠦᠯᠭᠡ ᠶᠢᠨ ᠬᠠᠲᠠᠭᠤ ᠬᠢᠵᠠᠭᠠᠷᠯᠠᠯ ᠢ | ᠴᠢᠩᠭᠠᠳᠬᠠᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢᠨ ᠡᠵᠡᠮᠳᠡᠯ | ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠴᠢᠩᠳᠠᠯᠠᠵᠤ᠂ | ᠬᠠᠤᠯᠢ ᠶᠢ ᠵᠥᠷᠢᠴᠡᠨ ᠭᠠᠵᠠᠷ ᠡᠵᠡᠯᠡᠭᠰᠡᠨ᠂ ᠬᠠᠤᠯᠢ ᠶᠢ ᠵᠥᠷᠢᠴᠡᠨ ᠪᠠᠷᠢᠯᠭ᠎ᠠ ᠪᠠᠷᠢᠭᠰᠠᠨ ᠵᠡᠷᠭᠡ ᠦᠢᠯᠡ | ᠠᠵᠢᠯᠯᠠᠭ᠎ᠠ ᠶᠢ ᠴᠤᠬᠤᠶᠢᠪᠠᠯ ᠴᠣᠬᠢᠯᠲᠠ ᠥᠭᠭᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠢ ᠠᠬᠢᠭᠤᠯᠵᠤ᠂ ᠲᠣᠭᠠᠴᠢᠯᠠᠭᠰᠠᠨ᠂ ᠣᠶᠤᠨᠴᠢᠯᠠᠭᠰᠠᠨ ᠠᠳᠠᠯ | ᠠᠬᠤᠢ ᠶᠢᠨ ᠬᠠᠮᠢᠶᠠᠷᠤᠯᠲᠠ ᠶᠢᠨ ᠲᠠᠪᠴᠠᠩ ᠢ ᠪᠣᠶ ᠪᠣᠯᠭᠠᠵᠤ᠂ ᠠᠳᠠᠯ ᠠᠬᠤᠢ ᠶᠢᠨ ᠰᠦᠢᠳᠬᠡᠯ ᠬᠤᠷᠢᠶᠠᠬᠤ ᠮᠡᠳᠡᠭᠡ | ᠵᠠᠩᠭᠢ ᠶᠢ ᠢᠯᠡ ᠨᠡᠶᠢᠲᠡᠯᠡᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠦᠨᠡᠮᠯᠡᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠳᠬᠡᠨ | ᠰᠢᠢᠳᠪᠦᠷᠢᠯᠡᠵᠦ᠂ ︽ᠲᠡᠭ ᠪᠣᠯᠭᠠᠬᠤ︾ ᠬᠠᠷᠠᠯᠲᠠ ᠶᠢ ᠡᠷᠲᠡᠬᠡᠨ ᠪᠡᠶᠡᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠣᠨ᠎ᠠ᠃ ᠲᠠᠬᠢᠨ | ᠶᠠᠳᠠᠭᠤᠷᠠᠬᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ | ᠣᠨᠣᠴᠠᠲᠠᠢ ᠪᠠᠷ ᠨᠠᠶᠢᠳᠠᠪᠤᠷᠢᠵᠢᠭᠤᠯᠵᠤ᠂ ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠦᠭᠡᠭᠡᠯ ᠤᠰᠤ ᠶᠢ ᠡᠷᠦᠬᠡ ᠳᠤ ᠣᠷᠣᠭᠤᠯᠬᠤ᠂ | ᠤᠰᠤᠨ ᠤ ᠰᠤᠷᠪᠤᠯᠵᠢ ᠶᠢᠨ ᠭᠠᠵᠠᠷ ᠤᠨ ᠤᠰᠤᠨ ᠬᠤᠳᠳᠤᠭ ᠢ ᠥᠭᠡᠷᠡᠴᠢᠯᠡᠬᠦ᠂ ᠤᠰᠤ ᠰᠦᠷᠴᠢᠬᠦ ᠮᠠᠶ᠋ᠢᠭ ᠤᠨ | ᠡᠷᠦᠬᠡ ᠶᠢᠨ ᠵᠣᠷᠯᠣᠩ ᠤᠨ ᠲᠥᠷᠥᠯ ᠵᠦᠢᠯ ᠢ ᠬᠡᠷᠡᠭᠵᠢᠭᠦᠯᠵᠦ᠂ ᠰᠠᠶᠢᠬᠤᠰᠦ ︱ ᠡᠷᠢᠶᠡᠨᠨᠠᠭᠤᠷ᠂ ᠴᠢᠬᠢᠷᠠᠭᠳᠦ ︱ | ᠳᠣᠯᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ᠂ ᠬᠥᠳᠡᠭᠡ | ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ | ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ | ᠪᠡᠯᠡ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠵᠣᠯᠭᠠᠭᠤᠯᠵᠤ᠂ ︽ᠨᠢᠭᠡ ᠭᠠᠴᠠᠭ᠎ᠠ ᠨᠢᠭᠡ ᠠᠵᠤ ᠦᠢᠯᠡᠰ᠂ | ᠨᠢᠭᠡ ᠭᠠᠴᠠᠭ᠎ᠠ ᠨᠢᠭᠡ ᠨᠠᠷᠠᠲᠤ ᠲᠡᠮᠳᠡᠭᠲᠦ︾ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨᠴᠢᠯᠠᠯᠲᠠ᠂ ᠠᠵᠤ ᠦᠶᠢᠯᠡᠰᠵᠢᠯᠲᠡ᠂ ᠬᠡᠪᠴᠢᠶᠡᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ | ᠠᠬᠢᠭᠤᠯᠵᠤ᠂ ᠴᠢᠨᠠᠷ ᠰᠠᠶᠢᠲᠠᠢ ᠰᠠᠶᠢᠨ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠡᠷᠭᠡ ᠲᠥᠷᠥᠯ | ᠵᠦᠢᠯ ᠢ ᠬᠡᠷᠡᠭᠵᠢᠭᠦᠯᠦᠨ᠂ ᠪᠣᠬᠢᠷᠳᠤᠯ ᠦᠭᠡᠢ ᠲᠠᠷᠢᠮᠠᠯ ᠤᠨ ᠦᠢᠯᠡᠰ᠂ ᠣᠨᠴᠠᠯᠢᠭᠲᠤ ᠮᠠᠯ ᠠᠵᠤ ᠠᠬᠤᠢ᠂ ᠬᠥᠳᠡᠭᠡ | ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠠᠯᠴᠢᠨ | ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠲᠣᠰᠬᠤᠨ ᠨᠢ ᠬᠦᠴᠦᠷᠭᠡᠭ | ᠠᠷᠠᠳ ᠨᠢ ᠪᠠᠶᠠᠨ ᠦᠢᠯᠡᠰ ᠨᠢ ᠬᠦᠭᠵᠢᠬᠦᠨ ᠪᠠᠶᠢᠬᠤ ᠳᠤ ᠬᠦᠴᠦᠨ ᠨᠡᠮᠡᠷᠢᠯᠡᠨ᠎ᠡ᠃ | ᠠᠮᠢ ᠠᠬᠤᠢ ᠶᠢᠨ ᠣᠷᠴᠢᠨ ᠳᠣᠭᠤᠷᠢᠨ ᠢ ᠬᠠᠮᠠᠭᠠᠯᠠᠬᠤ ᠪᠦᠳᠦᠭᠡᠨ ᠪᠠᠶᠢᠭᠤᠯᠣᠯᠳᠠ ᠶᠢ ᠴᠢᠩᠭ᠎ᠠ | ᠠᠳᠬᠤᠨ᠎ᠠ᠃ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠡᠭᠦᠳᠦᠨ ᠪᠠᠶᠢᠭᠤᠯᠬᠤ | ᠪᠠᠷᠢᠮᠵᠢᠶ᠎ᠠ ᠲᠠᠢ ᠴᠢᠩᠭ᠎ᠠ ᠬᠠᠷᠢᠴᠠᠭᠤᠯᠤᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠨ᠎ᠠ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠢ ᠠᠬᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠳᠣᠯᠣᠯᠳᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ | ᠦᠭᠡᠢ ᠪᠣᠬᠢᠷᠳᠤᠯ ᠲᠠᠢ︾ ᠠᠵᠤ ᠠᠬᠤᠶᠢᠯᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠲᠣᠭᠤᠰᠣ ᠰᠢᠷᠣᠢ ᠶᠢᠨ | ᠪᠣᠬᠢᠷᠳᠤᠯ᠂ ᠠᠵᠤ ᠦᠢᠯᠡᠳᠪᠦᠷᠢ ᠶᠢᠨ ᠵᠤᠤᠬ᠎ᠠ ᠶᠢᠨ ︽ᠡᠷᠬᠢᠨ ᠬᠠᠷᠠᠬᠤ︾ ᠵᠡᠷᠭᠡ ᠲᠤᠰᠬᠠᠢ ᠴᠡᠭᠴᠡᠯᠡᠨ | ᠵᠠᠰᠠᠯᠲᠠ ᠶᠢ ᠢᠳᠡᠪᠬᠢᠲᠡᠢ ᠥᠷᠨᠢᠭᠦᠯᠪᠡ︔ ᠪᠣᠬᠢᠷ ᠤᠰᠤ ᠴᠡᠪᠡᠷᠰᠢᠬᠦᠯᠬᠦ ᠦᠢᠯᠡᠳᠪᠦᠷᠢ᠂ ᠡᠮ ᠡᠮᠨᠡᠯᠭᠡ ᠶᠢᠨ | ᠪᠠᠶᠢᠭᠤᠯᠤᠮᠵᠢ ᠶᠢᠨ ᠬᠠᠶᠠᠭᠳᠠᠮᠠᠯ ᠤᠰᠤ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠶᠡᠷᠦᠩᠬᠡᠶᠢᠯᠡᠨ ᠰᠢᠢᠳᠪᠦᠷᠢᠯᠡᠬᠦ ᠲᠦᠷᠦᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ | ᠲᠦᠯᠬᠢᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ | ᠵᠢᠷᠤᠮᠵᠢᠭᠤᠯᠤᠨ᠎ᠠ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠡᠵᠡᠨ ᠦᠭᠡᠢ ᠬᠠᠶᠠᠭᠳᠠᠮᠠᠯ ᠠᠭᠤᠷᠬᠠᠢ ᠶᠢᠨ ᠨᠦᠬᠡ ᠶᠢ ᠰᠡᠯᠪᠢᠨ ᠵᠠᠰᠠᠬᠤ ᠡᠭᠦᠷᠭᠡ ᠶᠢ ᠪᠡᠶᠡᠯᠡᠭᠦᠯᠵᠦ᠂ | ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ︵ᠳᠥᠷᠪᠡ︶ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠦᠨᠳᠦᠰᠦ ᠪᠣᠯᠭᠠᠵᠤ | ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ | ᠭᠦᠢᠴᠡᠳ ᠠᠵᠢᠯ ᠣᠯᠭᠤᠯᠲᠠ ᠶᠢ ᠬᠦᠴᠦᠲᠡᠢ ᠪᠥᠭᠡᠳ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃ | ᠠᠵᠢᠯ ᠣᠯᠭᠤᠬᠤ ᠶᠢ ᠡᠩ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠳᠡᠭᠡᠳᠦ ᠰᠤᠷᠭᠠᠭᠤᠯᠢ ᠲᠡᠭᠦᠰᠦᠭᠰᠡᠳ᠂ | ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ | ᠠᠵᠢᠯ ᠣᠯᠭᠤᠬᠤ ᠶᠢ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠬᠤ ᠶᠢ ᠪᠠᠲᠤᠯᠠᠨ᠎ᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠩᠭᠠᠯᠭ᠎ᠠ ᠬᠡᠷᠡᠭᠴᠡᠭᠡᠨ ᠤ ᠲᠠᠪᠴᠠᠩ ᠢ | ᠢᠳᠡᠪᠬᠢᠲᠡᠢ ᠪᠠᠷ ᠪᠠᠶᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠬᠥᠳᠡᠯᠮᠦᠷᠢᠴᠢᠳ ᠤᠨ ᠠᠵᠢᠯ ᠣᠯᠬᠤ ᠬᠦᠰᠡᠯ ᠡᠷᠡᠮᠡᠯᠵᠡᠯ ᠢ ᠨᠠᠷᠢᠯᠢᠭ | ᠣᠨᠣᠴᠠᠲᠠᠢ ᠪᠠᠷ ᠵᠣᠯᠭᠠᠭᠤᠯᠬᠤ ᠶᠢ ᠲᠦᠯᠬᠢᠨ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢᠨ ᠳᠠᠬᠢᠨ ᠢᠶᠠᠷ ᠨᠡᠮᠡᠭᠳᠡᠬᠦ ᠶᠢ | ᠳᠠᠶᠢᠴᠢᠯᠠᠬᠤ ᠦᠢᠯᠡᠳᠦᠯ ᠢ ᠶᠡᠬᠡᠰᠬᠡᠨ᠎ᠡ᠃ ᠨᠡᠩ ᠢᠳᠡᠪᠬᠢᠲᠡᠢ᠂ ᠨᠡᠩ ᠪᠦᠲᠦᠮᠵᠢᠲᠡᠶ ᠴᠢᠳᠠᠪᠤᠷᠢᠲᠠᠨ ᠤ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠵᠦ᠂ ᠨᠡᠩ ᠤᠯᠠᠨ ᠴᠢᠳᠠᠪᠤᠷᠢᠲᠠᠨ ᠢ ᠲᠠᠲᠠᠵᠤ ᠣᠳᠣᠬᠢᠴᠢᠯᠠᠭᠰᠠᠨ ᠡᠷᠢᠶᠡᠨ ᠤ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠤᠨ᠎ᠠ᠃ | ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠳᠣᠯᠠᠭ᠎ᠠ ᠶᠢᠨ ᠰᠢᠰᠲ᠋ᠧᠮ ᠢ ᠳᠡᠬᠦᠯᠳᠡᠷᠵᠢᠬᠦᠯᠦᠨ᠎ᠡ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠬᠦᠷᠢᠶ᠎ᠡ ᠵᠡᠷᠭᠡ ᠶᠢᠨ ᠳᠠᠭᠠᠳᠬᠠᠯ ᠳᠤ ᠣᠷᠤᠯᠴᠠᠬᠤ ᠶᠢ ᠬᠥᠲᠥᠯᠥᠨ ᠵᠢᠯᠤᠭᠤᠳᠴᠤ | ᠵᠣᠷᠢᠭᠵᠢᠭᠤᠯᠤᠨ᠂ ᠨᠠᠰᠤᠵᠢᠯ ᠤᠨ ᠠᠰᠠᠷᠠᠮᠵᠢ᠂ ᠡᠮ ᠡᠮᠴᠢᠯᠡᠭᠡ᠂ ᠠᠵᠢᠯ ᠤᠨ ᠭᠡᠮᠲᠦᠯ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠨᠠᠭᠠᠲᠤ ᠵᠠᠬ᠎ᠠ ᠶᠢᠨ | ᠪᠠᠲᠤᠯᠠᠭ᠎ᠠ ᠭᠥᠷᠳᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠵᠡᠮᠳᠡᠭᠴᠣᠳ ᠵᠡᠷᠭᠡ ᠪᠠᠭᠤᠷᠠᠶᠢᠴᠤᠳ ᠤᠨ | ᠦᠨᠳᠦᠰᠦᠨ ᠠᠮᠢᠳᠤᠷᠠᠯ ᠢ ᠬᠦᠴᠦᠲᠡᠢ ᠪᠠᠲᠤᠯᠠᠨ᠎ᠠ᠃ ︽ᠨᠠᠰᠣᠳᠠᠶᠢᠴᠣᠳ ᠨᠢᠯᠬᠠᠰ︾ ᠤᠨ ᠦᠢᠯᠡᠴᠢᠯᠡᠭᠡ ᠶᠢ | ᠴᠢᠩᠭᠠᠳᠬᠠᠵᠤ᠂ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠦᠷᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠵᠡᠮᠳᠡᠭᠴᠣᠳ ᠤᠨ ᠨᠠᠶᠢᠳᠠᠨ ᠠᠰᠠᠷᠠᠭᠤᠯᠬᠤ ᠲᠥᠪ ᠢ ᠪᠠᠶᠢᠭᠤᠯᠵᠤ ᠪᠡᠯᠡ ᠣᠷᠣᠭᠤᠯᠤᠨ | ᠬᠡᠷᠡᠭᠯᠡᠬᠦ᠂ ᠳᠤᠮᠳᠠᠳᠤ ᠮᠣᠩᠭᠤᠯ ᠤᠨ ᠡᠷᠡᠭᠦᠯᠵᠢᠯ ᠤᠨ ᠲᠥᠪ ᠤᠨ ᠭᠤᠣᠯ ᠴᠣᠭᠴᠠ ᠶᠢᠨ ᠠᠵᠢᠯ ᠢ ᠳᠠᠭᠤᠰᠬᠠᠬᠤ ᠶᠢ | ᠠᠬᠢᠭᠤᠯᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ ᠣᠯᠭᠤᠬᠤ ᠶᠢ ᠪᠠᠲᠤᠯᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠴᠠᠯᠢᠩ ᠥᠷᠢᠲᠦᠬᠦ ᠠᠷᠬᠠᠭ ᠭᠡᠮ ᠢ | ᠦᠨᠳᠦᠰᠦᠨ ᠠᠴᠠ ᠨᠢ ᠵᠠᠰᠠᠨ᠎ᠠ᠃ | ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠰᠠᠭᠤᠷᠢ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠳᠥᠷᠪᠡᠳᠦᠭᠡᠷ ᠪᠠᠭ᠎ᠠ | ᠰᠤᠷᠭᠠᠭᠤᠯᠢ ᠶᠢ ᠨᠡᠭᠦᠯᠭᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ 3 ᠬᠡᠦᠬᠡᠳ ᠤᠨ ᠴᠡᠴᠡᠷᠯᠢᠭ᠂ 2 | ᠪᠠᠭ᠎ᠠ ᠰᠤᠷᠭᠠᠭᠤᠯᠢ᠂ 3 ᠳᠤᠮᠳᠠᠳᠤ ᠰᠤᠷᠭᠠᠭᠤᠯᠢ ᠶᠢᠨ ᠢᠵᠢ ᠪᠦᠷᠢᠨ ᠲᠥᠬᠦᠭᠡᠷᠦᠮᠵᠢ ᠶᠢ ᠥᠭᠡᠷᠡᠴᠢᠯᠡᠨ ᠲᠠᠰ | ᠳᠡᠪᠰᠢᠭᠦᠯᠬᠦ ᠶᠢ ᠪᠡᠶᠡᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ | ᠡᠷᠴᠢᠮ ᠢ ᠴᠢᠩᠭᠠᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ | ᠦᠷ᠎ᠡ ᠪᠦᠲᠦᠭᠡᠯ ᠢ ᠪᠠᠬᠢᠵᠢᠭᠦᠯᠦᠨ ᠬᠡᠷᠡᠭᠵᠢᠭᠦᠯᠦᠨ᠎ᠡ᠃ ︽ᠬᠤᠶᠠᠷ ᠢ ᠬᠦᠩᠭᠡᠯᠡᠬᠦ︾ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠂ | ᠵᠢᠭᠠᠨ ᠰᠤᠷᠭᠠᠯᠲᠠ ᠶᠢᠨ ᠴᠢᠳᠠᠪᠤᠷᠢ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠠᠰᠣᠷᠠᠯᠳᠠ ᠦᠬᠡᠢ | ᠳᠡᠭᠡᠭᠰᠢᠯᠡᠭᠦᠯᠦᠨ᠂ ︽ᠭᠡᠷ ᠤᠨ ᠡᠭᠦᠳᠡᠨ︾ ᠳᠠᠬᠢ ᠬᠠᠮᠤᠭ ᠤᠨ ᠰᠢᠯᠢᠳᠡᠭ ᠰᠤᠷᠭᠠᠨ ᠬᠥᠮᠦᠵᠢᠯ ᠢ ᠪᠣᠶ ᠪᠣᠯᠭᠠᠬᠤ | ᠲᠠᠯ᠎ᠠ ᠪᠠᠷ ᠤᠯᠠᠮ ᠨᠢᠭᠡ ᠠᠯᠬᠤᠮ ᠣᠷᠣᠭᠰᠢᠯᠠᠨ᠎ᠠ᠃ ᠡᠷᠢᠶᠡᠨ ᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠭᠤᠶᠤᠴᠢᠯᠠᠨ ᠪᠠᠶᠢᠭᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠣᠯᠠᠨ ᠤᠯᠤᠰ ᠤᠨ | ᠳᠡᠭᠡᠳᠦ ᠰᠤᠷᠭᠠᠭᠤᠯᠢ ᠶᠢᠨ ᠬᠦᠨᠳᠦ ᠬᠥᠩᠭᠡᠨ ᠲᠠᠮᠢᠷ ᠤᠨ ᠲᠠᠯᠠᠪᠠᠶ ᠵᠢᠴᠢ ᠲᠠᠮᠢᠷ ᠤᠨ ᠲᠠᠯᠠᠪᠠᠶ ᠶᠢ ᠰᠡᠯᠪᠢᠨ ᠵᠠᠰᠠᠵᠤ | ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠳᠤᠲᠠᠭᠤᠳᠠᠯ ᠢ ᠲᠦᠷᠭᠡᠨ | ᠨᠥᠬᠦᠪᠦᠷᠢᠯᠡᠵᠦ᠂ ᠬᠢᠲᠠᠳ ᠡᠮᠨᠡᠯᠭᠡ ᠶᠢᠨ ᠬᠤᠷᠢᠶ᠎ᠠ ᠶᠢᠨ ᠭᠤᠣᠯ ᠴᠣᠭᠴᠠ ᠶᠢᠨ ᠠᠵᠢᠯ ᠳᠠᠭᠤᠰᠬᠤ ᠶᠢ ᠠᠬᠢᠭᠤᠯᠤᠨ᠎ᠠ | ᠃ ᠤᠯᠤᠰ ᠤᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠤᠷᠰᠢᠯᠲᠠ ᠶᠢᠨ ᠴᠢᠭ ᠤᠨ ᠡᠭᠦᠷᠭᠡ ᠶᠢ ᠪᠡᠶᠡᠯᠡᠭᠦᠯᠵᠦ᠂ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠪᠠ | ᠭᠤᠣᠯᠯᠠᠭᠴᠢ ᠬᠦᠴᠦᠨ ᠢ ᠶᠡᠬᠡᠪᠡᠷ ᠬᠥᠮᠥᠵᠢᠭᠦᠯᠵᠦ᠂ ᠪᠠᠴᠢᠮ ᠲᠤᠲᠠᠭᠳᠠᠵᠤ ᠪᠠᠶᠢᠭ᠎ᠠ ᠡᠮᠴᠢᠯᠡᠭᠡᠨ ᠤ ᠠᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠡᠮᠴᠢᠯᠡᠭᠡᠨ ᠤ ᠠᠪᠤᠷᠠᠨ ᠵᠠᠰᠠᠬᠤ ᠪᠠ ᠣᠨᠣᠰᠢᠯᠠᠨ ᠡᠮᠨᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ | ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠯᠡᠵᠦ᠂ | ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠶᠢ ᠲᠦᠷᠭᠡᠪᠴᠢᠯᠡᠨ ᠠᠬᠢᠭᠤᠯᠤᠨ᠎ᠠ᠃ | ᠨᠡᠶᠢᠭᠡᠮ ᠤᠨ ᠴᠡᠭᠴᠡᠯᠡᠯᠳᠠ ᠶᠢ ᠴᠢᠩᠭᠠᠳᠬᠠᠵᠤ ᠰᠢᠨᠡᠳᠬᠡᠨ᠎ᠡ᠃ ᠨᠡᠶᠢᠭᠡᠮ ᠤᠨ ᠵᠠᠰᠠᠨ ᠴᠡᠭᠴᠡᠯᠡᠯᠳᠠ ᠶᠢᠨ | ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠴᠢᠩᠭᠠᠳᠬᠠᠨ᠎ᠠ᠃ ᠨᠡᠶᠢᠭᠡᠮ ᠤᠨ | ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠡᠪ ᠤᠨ ᠪᠠᠶᠢᠳᠠᠯ ᠢᠶᠠᠷ ᠲᠦᠯᠬᠢᠨ ᠠᠬᠢᠭᠤᠯᠵᠤ᠂ | ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠳᠦᠷᠢᠮ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠵᠦᠢ ᠵᠣᠬᠢᠰᠲᠠᠢ ᠭᠤᠮᠣᠳᠠᠯ ᠱᠠᠭᠠᠷᠳᠠᠯᠭ᠎ᠠ ᠶᠢ ᠪᠣᠳᠠᠲᠠᠢ ᠪᠠᠷ | ᠰᠢᠢᠳᠪᠦᠷᠢᠯᠡᠬᠦ ᠶᠢ ᠪᠠᠲᠤᠯᠠᠨ᠎ᠠ᠃ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠨ᠂ ᠪᠥᠬᠦ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠬᠦᠳᠦᠨ᠎ᠡ᠃ | ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠪᠠᠶᠢᠴᠠᠭᠠᠵᠤ᠂ ᠭᠡᠮ ᠰᠣᠭᠤᠭ ᠢ | ᠠᠷᠢᠯᠭᠠᠵᠤ᠂ ᠠᠳᠡᠯ ᠢ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠠᠬᠢᠭᠤᠯᠣᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠪᠦᠬᠦ ᠬᠡᠯᠬᠢᠶ᠎ᠡ ᠶᠢᠨ ᠬᠢᠨᠠᠯᠲᠠ | ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠲᠡᠰ ᠳᠠᠪᠬᠤᠷᠭ᠎ᠠ ᠱᠠᠲᠤ ᠬᠤᠪᠢᠶᠠᠨ ᠪᠠᠲᠤᠯᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠰᠢᠳᠬᠡᠯ ᠥᠭᠬᠦ᠂ ᠢᠯᠡᠴᠢᠯᠡᠬᠦ ᠡᠷᠴᠢᠮ ᠢ | ᠴᠢᠩᠭᠠᠷᠠᠭᠤᠯᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ | ᠪᠠᠬᠢᠵᠢᠭᠦᠯᠦᠨ᠎ᠡ᠃ ︽ᠠᠮᠤᠷ ᠠᠮᠤᠭᠤᠯᠠᠩ ᠡᠷᠢᠶᠡᠨ︾ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ | ᠣᠶᠤᠨᠲᠤ ᠵᠠᠮ ᠬᠠᠷᠢᠯᠴᠠᠭ᠎ᠠ︾ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ︽ᠴᠣᠬᠢᠯᠲᠠ ᠥᠭᠬᠦ | ᠰᠡᠷᠭᠡᠶᠢᠯᠡᠬᠦ ᠬᠠᠮᠢᠶᠠᠷᠤᠨ ᠡᠵᠡᠮᠳᠡᠬᠦ︾ ᠲᠤᠰᠬᠠᠢ ᠠᠵᠢᠯᠯᠠᠭ᠎ᠠ ᠶᠢ ᠡᠬᠢᠯᠡᠭᠦᠯᠵᠦ᠂ ᠬᠢᠯᠢ ᠬᠢᠵᠠᠭᠠᠷ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ | ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ | ᠬᠢᠵᠦ᠂ ︽ᠬᠤᠶᠠᠷ ᠢ ᠬᠦᠷᠢᠶᠡᠯᠡᠬᠦ︾ ᠠᠵᠢᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠎ᠡ᠃ | ︵ᠲᠠᠪᠤ︶ ᠠᠷᠠᠳ ᠳᠦᠮᠡᠨ ᠤ ᠰᠡᠳᠬᠢᠯ ᠬᠠᠨᠣᠮᠵᠢᠳᠠᠢ ᠵᠠᠰᠠᠭ ᠤᠨ ᠣᠷᠳᠣᠨ ᠢ ᠪᠠᠶᠢᠭᠤᠯᠬᠤ ᠪᠠᠷ ᠬᠠᠷᠠᠯᠲᠠ ᠪᠣᠯᠭᠠᠵᠤ | ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ | ᠤᠯᠤᠰ ᠲᠦᠷᠦ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠪᠠᠳᠣᠯᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ | ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠵᠠᠰᠠᠭ ᠤᠨ | ᠣᠷᠳᠣᠨ ᠤ ᠠᠵᠢᠯ ᠤᠨ ᠡᠯ᠎ᠡ ᠲᠠᠯ᠎ᠠ ᠪᠠ ᠪᠥᠬᠦ ᠶᠠᠪᠤᠴᠠ ᠳᠤ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ | ᠳᠡᠭᠡᠳᠣ ᠱᠠᠳᠣᠨ ᠤ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ᠂ ᠠᠵᠢᠯ ᠤᠨ ᠱᠠᠭᠠᠷᠳᠠᠯᠭ᠎ᠠ ᠶᠢ ᠪᠣᠳᠠᠲᠠᠶᠢᠵᠢᠭᠤᠯᠬᠤ ᠶᠢ ᠪᠠᠳᠣᠯᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠳᠠ ᠶᠢ ᠴᠢᠩᠭᠠᠳᠬᠠᠨ᠎ᠠ᠃ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠳᠣᠣᠱᠯᠠᠭᠤᠯᠵᠦ᠂ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠤᠯᠢ ᠪᠠᠷ ᠵᠠᠰᠠᠬᠤ | ᠵᠣᠷᠢᠭ ᠰᠠᠨᠠᠭ᠎ᠠ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ | ᠵᠢᠷᠤᠮ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ | ᠲᠦᠯᠬᠢᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠶᠢ | ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠬᠢᠨᠠᠨ ᠪᠤᠳᠤᠬᠤ ᠪᠠ ᠳᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠵᠦᠪᠯᠡᠯᠭᠡ ᠶᠢ ᠬᠢᠨᠠᠮᠠᠭᠠᠢ ᠬᠦᠢᠴᠡᠳᠬᠡᠨ᠎ᠡ᠃ | ᠴᠢᠳᠠᠪᠤᠷᠢ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠨᠢᠭᠡᠳᠦᠭᠡᠷ ᠬᠠᠷᠢᠭᠤᠴᠠᠯᠭ᠎ᠠ ᠪᠠᠨ ᠪᠣᠯᠭᠠᠵᠤ᠂ ︽ | ᠥᠨᠥᠳᠥᠷ ᠬᠡᠳᠦᠢ ᠣᠷᠣᠢ ᠪᠣᠯᠤᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠣᠯᠤᠭᠰᠠᠨ ᠴᠤ ᠣᠷᠦ᠋ᠢᠲᠠᠬᠤ︾ | ᠦᠷ᠎ᠡ ᠪᠦᠲᠦᠮᠵᠢ ᠶᠢᠨ ᠤᠬᠠᠮᠰᠠᠷ ᠢ ᠴᠢᠩᠭᠠᠳᠬᠠᠨ᠂ ︽ᠦᠪᠡᠷ ᠤᠨ ᠬᠢᠭᠰᠡᠨ ᠬᠤᠷᠠᠯ ᠢᠶᠠᠨ ᠦᠪᠡᠷ ᠢᠶᠠᠨ | ᠲᠤᠤᠱᠯᠠᠭᠤᠯᠵᠤ᠂ ᠦᠪᠡᠷ ᠤᠨ ᠬᠢᠭᠰᠡᠨ ᠴᠣᠬᠤᠯᠠᠪᠤᠷᠢ ᠶᠢ ᠦᠪᠡᠷ ᠢᠶᠠᠨ ᠨᠠᠶᠢᠳᠠᠪᠤᠷᠢᠵᠢᠭᠤᠯᠵᠤ᠂ ᠦᠪᠡᠷ ᠤᠨ | ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠦᠪᠡᠷ ᠢᠶᠠᠨ ᠪᠡᠶᠡᠯᠡᠭᠦᠯᠦᠨ᠎ᠡ︾ ᠭᠡᠳᠡᠭ ᠢ ᠪᠡᠶᠡᠯᠡᠭᠦᠯᠵᠦ᠂ ᠡᠯ᠎ᠡ | ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃ | ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ | ᠦᠢᠯᠡᠳᠦᠯᠭᠡᠵᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ ᠱᠠᠭᠠᠷᠳᠠᠯᠭ᠎ᠠ ᠪᠣᠯᠣᠨ | ᠤᠯᠠᠨ ᠲᠦᠮᠡᠨ ᠤ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠪᠣᠳᠠᠲᠠᠢ ᠠᠳᠬᠤᠵᠤ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠲᠦᠷᠦᠯ ᠵᠦᠢᠯ ᠳᠤ ᠰᠠᠶᠢᠲᠤᠷ | ᠦᠢᠯᠡᠴᠢᠯᠡᠵᠦ ᠤᠯᠠᠨ ᠲᠦᠮᠡᠨ ᠳᠤ ᠰᠠᠶᠢᠲᠤᠷ ᠦᠢᠯᠡᠴᠢᠯᠡᠬᠦ ᠬᠡᠷᠡᠭᠲᠡᠢ᠃ | ᠢᠯᠵᠢᠷᠡᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠶᠢᠨ | ᠬᠤᠶᠠᠷ ᠬᠠᠷᠢᠭᠤᠴᠠᠯᠭ᠎ᠠ︾ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠨᠠᠶᠢᠳᠠᠪᠤᠷᠢᠵᠢᠭᠤᠯᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ | ᠠᠮᠢᠳᠤᠷᠠᠬᠤ ᠶᠢ ᠪᠠᠷᠢᠮᠲᠠᠯᠠᠨ᠂ ︽ᠭᠤᠷᠪᠠᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠭᠤᠣᠯᠳᠠᠯᠭ᠎ᠠ ᠲᠠᠢ | ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ | ᠡᠵᠡᠮᠳᠡᠵᠦ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ | ᠲᠥᠯᠥᠭᠡᠯᠡᠭᠴᠢᠳ ᠠ᠋︕ ᠬᠦᠯᠢᠶᠡᠵᠦ ᠪᠠᠶᠢᠭᠠᠳ ᠣᠯᠣᠭᠰᠠᠨ ᠦᠩᠭᠡ ᠭᠡᠷᠡᠯ ᠭᠡᠵᠦ ᠪᠠᠶᠢᠬᠤ ᠦᠭᠡᠢ᠂ | ᠵᠥᠪᠬᠡᠨ ᠬᠢᠵᠦ ᠪᠠᠶᠢᠭᠠᠳ ᠣᠯᠣᠭᠰᠠᠨ ᠭᠡᠷᠡᠯ ᠭᠢᠯᠪᠠᠭ᠎ᠠ ᠭᠡᠵᠦ ᠪᠠᠶᠢᠳᠠᠭ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ | ᠪᠣᠭᠤᠮᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠦᠶ ᠡ︕ | | | | ᠨᠡᠷ᠎ᠡ ᠦᠭᠡ ᠶᠢᠨ ᠲᠠᠶᠢᠯᠪᠤᠷᠢ | 1. ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ + ︽ᠬᠤᠶᠠᠷ ᠠᠯᠬᠤᠮ ᠢᠶᠠᠷ ᠭᠤᠶᠣᠴᠢᠯᠠᠨ ᠮᠡᠳᠡᠭᠦᠯᠬᠦ︾᠄ | ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ ᠪᠣᠯ ᠭᠠᠶᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠠᠴᠠ | ᠠᠷᠠᠯᠵᠢᠶᠠᠨ ᠳᠤ ᠳᠦᠬᠦᠮ ᠦᠵᠡᠬᠦᠯᠵᠦ᠂ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢ | ᠲᠦᠯᠬᠢᠨ ᠠᠬᠢᠭᠤᠯᠬᠤ ᠨᠢᠭᠡ ᠵᠦᠢᠯ ᠤᠨ ᠰᠢᠨ᠎ᠡ ᠮᠠᠶ᠋ᠢᠭ ᠤᠨ ᠡᠷᠴᠢᠮᠵᠢᠭᠦᠯᠦᠭᠰᠡᠨ ᠭᠠᠶᠢᠯᠢ ᠲᠠᠲᠠᠪᠤᠷᠢᠯᠠᠬᠤ ᠬᠡᠯᠪᠡᠷᠢ | ᠪᠣᠯᠣᠨ᠎ᠠ᠂ ᠳᠥᠭᠦᠮᠬᠡᠨ ᠢᠶᠠᠷ ᠬᠡᠯᠡᠪᠡᠯ ︽ᠤᠷᠢᠳᠠᠪᠠᠷ ᠲᠠᠯᠪᠢᠵᠤ ᠳᠠᠷᠠᠭ᠎ᠠ ᠨᠢ ᠭᠠᠶᠢᠯᠢ ᠲᠤᠰᠢᠶᠠᠵᠤ᠂ | ᠬᠤᠷᠢᠶᠠᠩᠭᠤᠶᠢᠯᠠᠨ ᠭᠠᠶᠢᠯᠢ ᠲᠤᠰᠢᠶᠠᠬᠤ︾ ᠶᠠᠪᠤᠳᠠᠯ ᠪᠣᠯᠣᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠪᠢᠯᠧᠲ | ᠳᠠᠷᠠᠭᠠᠯᠠᠨ ᠭᠠᠶᠢᠯᠢ ᠲᠠᠲᠠᠪᠤᠷᠢᠯᠠᠬᠤ ᠬᠡᠯᠪᠡᠷᠢ ᠲᠠᠢ ᠠᠳᠠᠯᠢ ᠦᠭᠡᠢ ᠨᠢ ᠭᠡᠪᠡᠯ᠂ ᠭᠠᠶᠢᠯᠢ ᠶᠢᠨ ᠪᠣᠭᠤᠮᠲᠠ ᠠᠴᠠ | ᠨᠥᠬᠦᠴᠡᠯ ᠳᠤ ᠨᠡᠶᠢᠴᠡᠬᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠠᠶᠢᠯᠢ ᠲᠤᠰᠢᠶᠠᠬᠤ ᠡᠭᠦᠷᠭᠡᠲᠦ | ᠬᠥᠮᠥᠨ ᠠᠴᠠ ᠵᠣᠬᠢᠬᠤ ᠬᠤᠭᠤᠴᠠᠭᠠᠨ ᠤ ᠳᠣᠲᠣᠷ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠲᠤᠰᠢᠶᠠᠬᠤ ᠶᠣᠰᠣᠲᠠᠢ ᠭᠠᠶᠢᠯᠢ ᠶᠢᠨ ᠵᠣᠭᠤᠰ ᠢ ᠣᠯᠠᠨ ᠤᠳᠠᠭ᠎ᠠ ᠬᠤᠷᠢᠶᠠᠩᠭᠤᠶᠢᠯᠠᠨ ᠭᠠᠶᠢᠯᠢ | ᠲᠠᠲᠠᠪᠤᠷᠢᠯᠠᠨ᠎ᠠ᠃ ︽ᠬᠤᠶᠠᠷ ᠠᠯᠬᠤᠮ ᠢᠶᠠᠷ ᠭᠤᠶᠣᠴᠢᠯᠠᠨ ᠮᠡᠳᠡᠭᠦᠯᠬᠦ︾ ᠪᠣᠯ ᠭᠠᠶᠢᠯᠢ ᠶᠢᠨ ᠪᠣᠭᠤᠮᠲᠠ ᠶᠢᠨ | ᠶᠡᠷᠦᠩᠬᠡᠢ ᠵᠠᠬᠢᠷᠭ᠎ᠠ ᠶᠢᠨ ᠣᠯᠠᠨ ᠤᠯᠤᠰ ᠤᠨ ᠠᠷᠠᠯᠵᠢᠶᠠᠨ ᠤ ᠣᠨᠴᠠᠯᠢᠭ ᠪᠠ ᠠᠮᠤᠷ ᠲᠦᠪᠰᠢᠨ ᠲᠥᠬᠦᠮ ᠳᠦᠳᠡ | ᠱᠠᠭᠠᠷᠳᠠᠯᠭ᠎ᠠ ᠳᠤ ᠨᠠᠶᠢᠴᠡᠭᠰᠡᠨ᠂ ᠪᠣᠭᠤᠮᠲᠠ ᠪᠠᠷ ᠥᠩᠭᠡᠷᠡᠭᠦᠯᠬᠦ ᠥᠭᠡᠷᠡᠴᠢᠯᠡᠯᠲᠡ ᠶᠢᠨ ᠨᠢᠭᠡ ᠵᠦᠢᠯ ᠤᠨ ᠴᠢᠬᠤᠯᠠ | ᠠᠷᠭ᠎ᠠ ᠬᠡᠮᠵᠢᠶ᠎ᠡ ᠪᠣᠯᠣᠨ᠎ᠠ᠃ ᠡᠶᠢᠮᠦᠷᠬᠦ ᠬᠡᠯᠪᠡᠷᠢ ᠨᠢ᠂ ᠠᠵᠤ ᠠᠬᠤᠶᠢᠯᠠᠯ ᠭᠤᠶᠣᠴᠢᠯᠠᠨ ᠮᠡᠳᠡᠭᠦᠯᠬᠦ ᠪᠥᠬᠦ ᠮᠡᠳᠡᠭᠡ | ᠵᠠᠩᠭᠢ ᠵᠢᠴᠢ ᠬᠠᠭᠤᠳᠠᠰᠤ ᠪᠠᠷᠢᠮᠲᠠ ᠶᠢ ᠨᠢᠭᠡ ᠯᠡ ᠤᠳᠠᠭ᠎ᠠ ᠳᠤ ᠲᠤᠰᠢᠶᠠᠬᠤ ᠴᠢᠬᠤᠯᠠ ᠦᠭᠡᠢ᠂ ᠨᠢᠭᠡᠳᠦᠭᠡᠷ | ᠠᠯᠬᠤᠮ ᠳᠤ ᠪᠠᠷᠠᠭ᠎ᠠ ᠭᠠᠷᠭᠠᠵᠤ ᠠᠪᠬᠤ ᠬᠠᠭᠤᠳᠠᠰᠤ ᠶᠢᠨ ᠲᠣᠶᠢᠮᠣ ᠶᠢ ᠦᠨᠳᠦᠰᠦᠯᠡᠨ ᠮᠡᠳᠡᠭᠦᠯᠪᠡᠯ ᠳᠠᠷᠤᠢ ᠪᠠᠷᠠᠭ᠎ᠠ | ᠭᠠᠷᠭᠠᠨ ᠠᠪᠴᠤ ᠪᠣᠯᠣᠨ᠎ᠠ ︵ᠬᠠᠤᠯᠢ ᠴᠠᠭᠠᠵᠠ᠂ ᠬᠢᠨᠠᠨ ᠬᠠᠮᠢᠶᠠᠷᠬᠤ ᠭᠠᠷᠳᠠᠮ ᠤᠨ ᠬᠡᠷᠡᠭᠴᠡᠭᠡ ᠶᠢ ᠬᠠᠩᠭᠠᠨ᠎ᠠ︶᠂ | ᠬᠤᠶᠠᠳᠤᠭᠠᠷ ᠠᠯᠬᠤᠮ ᠳᠤ ᠲᠣᠭᠲᠠᠭᠰᠠᠨ ᠴᠠᠭ ᠤᠨ ᠳᠣᠲᠣᠷ᠎ᠠ ᠮᠡᠳᠡᠭᠦᠯᠵᠦ ᠳᠠᠭᠤᠰᠬᠠᠨ᠎ᠠ᠃ | 2.︽ᠲᠠᠪᠤᠨ ᠨᠢᠭᠡ︾᠄ ᠨᠢᠭᠡ ᠠᠰᠠᠭᠤᠳᠠᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ᠂ ᠨᠢᠭᠡ | ᠲᠥᠰᠥᠯ ᠂ ᠨᠢᠭᠡ ᠡᠴᠦᠰ ᠲᠤ ᠨᠢ ᠳᠣᠯᠳᠠᠯ᠎ᠠ ᠠᠳᠬᠤᠬᠤ ᠃ | 3. ︽ᠲᠠᠪᠤᠨ ᠶᠡᠭᠡ ᠪᠠᠶᠢᠴᠠᠭᠠᠨ ᠳᠣᠳᠣᠯᠠᠬᠤ︾᠄ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠶᠡᠭᠡ | ᠪᠠᠶᠢᠴᠠᠭᠠᠨ ᠳᠣᠳᠣᠯᠠᠬᠤ᠂ ︽ᠬᠠᠭᠠᠰ ᠳᠤᠲᠠᠭᠤ︾ ᠢᠨᠵᠧᠨᠧᠷᠢᠩ ᠢ ᠶᠡᠭᠡ ᠪᠠᠶᠢᠴᠠᠭᠠᠨ ᠳᠣᠳᠣᠯᠠᠬᠤ᠂ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠰᠤᠯᠠ ᠳᠠᠯᠪᠢᠭᠳᠠᠵᠣ ᠭᠠᠵᠠᠷ ᠰᠢᠷᠣᠢ ᠶᠢ ᠶᠡᠭᠡ ᠪᠠᠶᠢᠴᠠᠭᠠᠨ | ᠳᠣᠳᠣᠯᠠᠬᠤ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠶᠡᠭᠡ ᠪᠠᠶᠢᠴᠠᠭᠠᠨ ᠳᠣᠳᠣᠯᠠᠬᠤ᠂ ᠨᠡᠭᠡᠭᠡᠯᠲᠡ ᠶᠢᠨ | ᠲᠣᠭᠤᠷᠢᠭ ᠤᠨ ᠰᠤᠯᠠ ᠰᠡᠯᠡᠬᠦᠣ ᠡᠬᠢ ᠪᠠᠶᠠᠯᠢᠭ ᠤᠨ ᠬᠦᠴᠦᠨ ᠵᠦᠢᠯ ᠢ ᠶᠡᠭᠡ ᠪᠠᠶᠢᠴᠠᠭᠠᠨ ᠳᠣᠳᠣᠯᠠᠬᠤ᠃ | 4. ︽ᠲᠠᠪᠤᠨ ᠶᠡᠭᠡ ᠡᠭᠦᠷᠭᠡ︾᠄ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠲᠤ ᠣᠷᠣᠨ ᠤ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠠᠮᠣᠷ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠤᠨ᠎ᠠ᠃ | 5. ︽ᠠᠷᠠᠯᠵᠢᠶ᠎ᠠ ᠬᠤᠳᠠᠯᠳᠤᠭᠠᠨ ᠤ ᠬᠠᠷᠠᠭᠠᠯᠵᠠᠯᠲᠤ ᠵᠢᠭᠡᠯᠡᠯᠭᠡ︾᠄ ᠡᠨᠡ ᠪᠣᠯ ᠨᠢᠭᠡ ᠵᠦᠢᠯ ᠤᠨ ᠲᠥᠷᠥ ᠶᠢᠨ | ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠬᠦᠨ ᠪᠣᠯᠣᠨ᠎ᠠ᠃ ᠬᠤᠲᠠ ᠶᠢᠨ ᠵᠠᠰᠠᠭ ᠤᠨ ᠣᠷᠳᠣᠨ | ᠪᠣᠯᠣᠨ ᠡᠷᠢᠶᠡᠨ ᠬᠤᠳᠠ ᠶᠢᠨ ᠳᠤᠮᠳᠠᠳᠤ ᠤᠯᠤᠰ ᠤᠨ ᠪᠠᠩᠬᠢ ᠲᠠᠢ ᠬᠠᠮᠲᠤᠷᠠᠨ ᠪᠠᠶᠢᠭᠤᠯᠣᠭᠰᠠᠨ ᠪᠡᠯᠡ | ᠬᠤᠷᠠᠮᠳᠣᠭᠤᠯᠵᠦ ᠳᠠᠭᠠᠭᠠᠯᠳᠠ ᠬᠢᠬᠦ ᠪᠡᠯᠡ ᠮᠦᠩᠬᠦᠨ ᠤ ᠬᠤᠷᠠᠮᠳᠣᠯᠭ᠎ᠠ ᠪᠠᠶᠢᠵᠦ᠂ ᠳᠡᠮᠵᠢᠬᠦ ᠴᠢᠭᠯᠡᠯ ᠳᠤ ᠨᠡᠶᠢᠴᠡᠭᠰᠡᠨ | ᠂ ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ᠂ ᠲᠠᠪᠴᠠᠩ ᠤᠨ ᠠᠵᠤ ᠠᠬᠤᠶᠢᠯᠠᠯ ᠵᠡᠷᠭᠡ ᠳᠤ ᠪᠡᠯᠡ ᠬᠤᠷᠠᠮᠳᠣᠭᠤᠯᠬᠤ ᠳᠠᠭᠠᠭᠠᠯᠲᠠ ᠪᠠ ᠬᠦᠦ | ᠮᠦᠩᠬᠦ ᠶᠢᠨ ᠳᠡᠮᠵᠢᠯᠭᠡ ᠦᠵᠡᠭᠦᠯᠦᠨ᠎ᠡ᠃ | 6. ︽ᠴᠣᠬᠢᠬᠤ ᠰᠡᠷᠭᠡᠶᠢᠯᠡᠬᠦ ᠬᠠᠮᠢᠶᠠᠷᠬᠤ ᠡᠵᠡᠮᠳᠡᠬᠦ︾ ᠲᠤᠰᠬᠠᠢ ᠠᠵᠢᠯᠯᠠᠭ᠎ᠠ᠄ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ᠂ ᠵᠥᠷᠢᠴᠡᠯ ᠤᠨ ᠳᠠᠯᠳᠠ ᠬᠡᠮ ᠢ ᠡᠶᠡᠳᠡᠭᠦᠯᠦᠨ ᠰᠡᠷᠭᠡᠶᠢᠯᠡᠬᠦ᠂ ᠨᠡᠶᠢᠭᠡᠮ ᠤᠨ | ᠠᠮᠤᠷ ᠲᠦᠪᠰᠢᠨ ᠤ ᠬᠦᠴᠦᠨ ᠵᠦᠢᠯ ᠢ ᠬᠠᠮᠢᠶᠠᠷᠬᠤ᠂ ᠭᠤᠣᠯᠳᠠᠯᠭ᠎ᠠ ᠲᠠᠢ ᠰᠠᠭᠤᠷᠢᠨ ᠭᠠᠵᠠᠷ ᠢ ᠡᠵᠡᠮᠳᠡᠬᠦ ᠰᠢᠷᠢᠰ | ᠲᠤᠰᠬᠠᠢ ᠠᠵᠢᠯᠯᠠᠭ᠎ᠠ ᠃ |