2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ | ᠪᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠤᠨ | ᠪᠦᠷᠢᠯᠳᠦᠭᠰᠡᠨ ᠪᠠᠶᠢᠳᠠᠯ ᠤᠨ ᠮᠡᠳᠡᠬᠦᠯᠦᠯᠳᠠ | | | | ᠸᠠᠩ ᠳ᠋ᠦᠩ ᠱᠧᠩ | | | ᠲᠦᠯᠦᠭᠡᠯᠡᠭᠴᠢᠳ ᠡ᠄ | | ᠬᠤᠷᠠᠯ ᠤᠨ ᠲᠣᠬᠢᠷᠠᠭᠤᠯᠤᠯᠲᠠ ᠪᠠᠷ᠂ ᠡᠳᠦᠭᠡ 2022 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2023 ᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠵᠢᠱᠢᠭᠳᠡᠬᠦ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠂ | ᠬᠢᠨᠠᠨ ᠵᠥᠪᠯᠡᠬᠦ ᠪᠣᠯᠪᠠᠤ᠄ | | ᠨᠢᠭᠡ᠂ 2022 ᠣᠨ ᠤ ᠠᠷᠠᠳ ᠤᠨ ᠠᠮᠢᠳᠣᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠦᠭᠰᠡᠨ ᠪᠠᠶᠢᠳᠠᠯ | ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠠᠴᠠ ᠰᠠᠨᠠᠯ ᠬᠤᠷᠢᠶᠠᠵᠣ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠶᠢᠷᠠᠯᠠᠨ | ᠬᠠᠯᠠᠮᠵᠢᠯᠠᠬᠤ ᠠᠵᠢᠯᠯᠠᠭ᠎ᠠ᠂ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠠᠷᠠᠳ ᠲᠤ | ᠠᠰᠢᠭ ᠬᠦᠷᠲᠡᠭᠡᠬᠦ ᠲᠥᠷᠥᠯ ᠵᠦᠢᠯ᠂ 2022 ᠣᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠭᠡᠬᠦ ᠲᠥᠷᠥᠯ ᠵᠦᠢᠯ᠂ 2022 ᠣᠨ ᠤ ᠪᠣᠬᠢᠷ ᠤᠰᠤᠨ ᠤ ᠭᠤᠣᠷᠰᠣ ᠰᠦᠯᠵᠢᠶ᠎ᠡ ᠶᠢ ᠦᠬᠡᠷᠡᠴᠢᠯᠡᠨ | ᠰᠢᠨᠡᠳᠭᠡᠬᠦ ᠢᠨᠵᠧᠨᠧᠷᠢᠩ᠂ ᠡᠷᠢᠶᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢᠶᠠᠷ ᠲᠣᠭᠲᠠᠭᠠᠪᠠ᠃ | | ︵ᠨᠢᠭᠡ︶ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠶᠢᠷᠠᠯᠠᠨ ᠬᠠᠯᠠᠮᠵᠢᠯᠠᠬᠤ ᠠᠵᠢᠯᠯᠠᠭ᠎ᠠ᠃ ᠨᠡᠶᠢᠲᠡ 300 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠬᠤᠲᠠ ᠶᠢᠨ 8179 ᠡᠮᠡᠭᠲᠡᠶᠢᠴᠦᠳ ᠲᠤ ︽ᠬᠤᠶᠠᠷ | ᠥᠮᠡᠨ︾ ᠢ ᠰᠢᠭᠰᠢᠨ ᠪᠠᠶᠢᠴᠠᠭᠠᠬᠤ ᠪᠠ HPV᠂ TCT ᠪᠠᠶᠢᠴᠠᠭᠠᠯᠲᠠ ᠬᠢᠵᠦ ᠥᠭᠪᠡ᠃ | ︵ᠬᠤᠶᠠᠷ︶ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠠᠷᠠᠳ ᠲᠤ ᠠᠰᠢᠭ ᠬᠦᠷᠲᠡᠭᠡᠬᠦ | ᠲᠥᠷᠥᠯ ᠵᠦᠢᠯ᠃ ᠨᠡᠶᠢᠳᠡ 1236 ᠲᠦᠮᠡᠨ ᠲᠥᠭᠦᠷᠢᠭ ᠤᠨ ᠪᠡᠯᠡ ᠣᠷᠣᠭᠤᠯᠵᠣ᠂ 294 ᠣᠣᠭᠤᠬᠤ ᠣᠰᠣᠨ ᠤ | ᠲᠥᠬᠦᠭᠡᠷᠦᠮᠵᠢ᠂ 62 ᠳᠤᠯᠠᠭᠠᠨ ᠫᠧᠩ᠂ 48 ᠡᠪᠡᠰᠦ ᠬᠠᠳᠠᠭᠠᠯᠠᠬᠤ ᠫᠧᠩ᠂ 9.3 ᠺᠢᠯᠣᠮᠧᠲᠷ ᠤᠨ ᠬᠢᠯᠢ | ᠬᠢᠵᠠᠭᠠᠷ ᠬᠦᠷᠬᠦ ᠵᠠᠰᠠᠮᠠᠯ ᠵᠠᠮ ᠵᠡᠷᠭᠡ ᠲᠥᠷᠥᠯ ᠵᠦᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ | ︵ᠭᠤᠷᠪᠠ︶ 2022 ᠣᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠲᠥᠷᠥᠯ ᠵᠦᠢᠯ᠃ | ᠨᠡᠶᠢᠲᠡ 1391 ᠲᠦᠮᠡᠨ ᠲᠥᠭᠦᠷᠢᠭ ᠤᠨ ᠪᠡᠯᠡ ᠣᠷᠣᠭᠤᠯᠵᠤ᠂ 7 ᠰᠠᠭᠤᠭᠠᠯᠢ ᠲᠣᠭᠤᠷᠢᠭ᠂ 11 ᠰᠠᠭᠤᠷᠢ | ᠣᠷᠣᠨ ᠰᠠᠭᠤᠴᠠ ᠶᠢᠨ ᠠᠰᠠᠷ᠂ 209 ᠡᠷᠦᠬᠡ ᠶᠢᠨ ᠢᠯᠴᠢ ᠬᠠᠩᠭᠠᠬᠤ ᠵᠢᠴᠢ ᠤᠰᠤ ᠬᠠᠩᠭᠠᠬᠤ᠂ ᠣᠰᠣ | ᠭᠠᠳᠠᠭᠰᠢᠯᠠᠭᠤᠯᠬᠤ ᠲᠦᠭᠦᠭᠡᠷᠦᠮᠵᠢ ᠶᠢ ᠦᠬᠡᠷᠡᠴᠢᠯᠡᠨ ᠰᠢᠨᠡᠳᠭᠡᠬᠦ ᠠᠵᠢᠯ ᠢ ᠪᠡᠶᠡᠯᠡᠭᠦᠯᠪᠡ᠃ | ︵ᠳᠥᠷᠪᠡ︶ 2022 ᠣᠨ ᠤ ᠪᠣᠬᠢᠷ ᠤᠰᠤᠨ ᠤ ᠭᠤᠣᠷᠰᠣ ᠰᠦᠯᠵᠢᠶ᠎ᠡ ᠶᠢ ᠦᠬᠡᠷᠡᠴᠢᠯᠡᠨ ᠰᠢᠨᠡᠳᠭᠡᠬᠦ | ᠢᠨᠵᠧᠨᠧᠷᠢᠩ᠃ ᠨᠡᠶᠢᠲᠡ 1880 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ 2199 ᠮᠧᠲᠷ ᠤᠨ | ᠪᠣᠬᠢᠷ ᠤᠰᠤᠨ ᠤ ᠭᠤᠣᠷᠰᠣ ᠰᠦᠯᠵᠢᠶ᠎ᠡ ᠶᠢ ᠦᠬᠡᠷᠡᠴᠢᠯᠡᠨ ᠰᠢᠨᠡᠳᠭᠡᠬᠦ ᠠᠵᠢᠯ ᠢ ᠳᠠᠭᠤᠰᠬᠠᠪᠠ︔ ᠬᠤᠲᠠ ᠶᠢᠨ | ᠶᠠᠪᠤᠳᠠᠯ ᠤᠨ ᠪᠣᠬᠢᠷ ᠤᠰᠤᠨ ᠤ ᠬᠥᠭᠡᠷᠭᠡ ᠶᠢᠨ ᠥᠷᠲᠡᠭᠡ 1 ᠶᠢ ᠰᠡᠯᠪᠢᠨ ᠵᠠᠰᠠᠵᠤ ᠰᠢᠨᠡᠳᠭᠡᠪᠡ︔ ᠪᠣᠷᠣᠭᠠᠨ ᠤ | ᠤᠰᠤ ᠶᠢ ᠰᠢᠢᠳᠪᠦᠷᠢᠯᠡᠬᠦ ᠳᠠᠷᠣᠯᠳᠠ ᠨᠡᠮᠡᠬᠦ ᠬᠥᠭᠡᠷᠭᠡ ᠶᠢᠨ ᠥᠷᠲᠡᠭᠡ ᠶᠢ 1 ᠰᠢᠨ᠎ᠡ ᠪᠠᠷ ᠪᠠᠶᠢᠭᠤᠯᠪᠠ᠃ | ︵ᠲᠠᠪᠤ︶ ᠡᠷᠢᠶᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ ᠨᠡᠶᠢᠳᠡ | 1107.8 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠤᠷᠪᠠᠳᠤᠭᠠᠷ ᠬᠡᠦᠬᠡᠳ ᠤᠨ ᠴᠡᠴᠡᠷᠯᠢᠭ ᠤᠨ | ᠬᠦᠷᠢᠶᠡᠨ ᠳᠤ ᠨᠢᠭᠡ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠵᠤ᠂ ᠣᠲᠣ ᠨᠢᠭᠡᠨᠲᠡ 90% ᠠᠴᠠ | ᠳᠡᠭᠡᠭᠰᠢᠬᠢ ᠪᠠᠷᠢᠯᠭ᠎ᠠ ᠶᠢᠨ ᠠᠵᠢᠯ ᠢ ᠳᠠᠭᠤᠰᠬᠠᠵᠤ᠂ ᠭᠡᠷ ᠳᠣᠲᠣᠷᠠᠬᠢ ᠵᠠᠰᠠᠯᠲᠠ ᠶᠢ ᠶᠠᠭ ᠬᠢᠵᠦ ᠪᠣᠶ᠂ 2023 | ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠣᠨ᠎ᠠ᠃ | | ᠬᠤᠶᠠᠷ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠡᠯᠡᠳᠬᠡᠯ | ᠠᠵᠢᠯ ᠤᠨ ᠪᠠᠶᠢᠳᠠᠯ | 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠤᠭᠯᠠᠭᠤᠯᠬᠤ ᠠᠵᠢᠯ ᠢ ᠨᠠᠷᠢᠨ ᠬᠢᠨᠠᠮᠠᠭᠠᠢ | ᠰᠠᠶᠢᠲᠤᠷ ᠬᠢᠬᠦ ᠶᠢᠨ ᠳᠣᠯᠠᠳᠠ᠂ ᠬᠤᠲᠠ ᠶᠢᠨ ᠵᠠᠰᠠᠭ ᠤᠨ ᠣᠷᠳᠣᠨ ᠠᠴᠠ ᠡᠷᠲᠡ ᠲᠥᠯᠥᠪᠵᠢᠭᠦᠯᠬᠦ᠂ ᠡᠷᠲᠡ | ᠡᠬᠢᠯᠡᠭᠦᠯᠬᠦ᠂ ᠡᠷᠲᠡ ᠪᠠᠶᠢᠷᠢᠯᠠᠭᠤᠯᠬᠤ ᠶᠢ ᠪᠠᠷᠢᠮᠲᠠᠯᠠᠵᠤ᠂ ︽ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ | ᠬᠠᠷᠠᠭᠠᠯᠵᠠᠬᠤ᠂ ᠭᠤᠣᠯᠳᠠᠯᠭ᠎ᠠ ᠶᠢ ᠡᠵᠡᠮᠳᠡᠬᠦ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠠᠮᠢᠳᠤᠷᠠᠯ ᠢ | ᠲᠤᠪᠤᠶᠢᠯᠭᠠᠬᠤ᠂ ᠴᠢᠳᠠᠯ ᠤᠨ ᠢᠶᠠᠨ ᠬᠢᠷᠢ ᠪᠠᠷ ᠬᠢᠬᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠶᠣᠰᠣᠭᠠᠷ᠂ | ᠪᠦᠬᠦ ᠬᠤᠲᠠ ᠶᠢᠨ ᠭᠤᠣᠯ ᠠᠵᠢᠯ ᠤᠨ ᠳᠣᠭᠤᠷᠢᠨ ᠳᠤ᠂ ᠥᠷᠭᠡᠨ ᠤᠯᠠᠨ ᠲᠦᠮᠡᠨ ᠤ ︽ᠢᠳᠡᠵᠦ ᠡᠮᠦᠰᠬᠦ ᠶᠠᠪᠤᠵᠤ | ᠰᠠᠭᠤᠬᠤ᠂ ᠠᠮᠤᠷ ᠲᠠᠶᠢᠪᠣᠩ ᠠᠵᠤ ᠲᠦᠷᠦᠭᠦ︾ ᠪᠠᠷ ᠭᠤᠣᠯᠳᠠᠯᠭ᠎ᠠ ᠪᠣᠯᠭᠠᠵᠤ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ ᠠᠵᠢᠯ ᠢ ᠦᠷᠨᠢᠭᠦᠯᠪᠡ᠃ | 2022 ᠣᠨ ᠤ 11 ᠰᠠᠷ᠎ᠠ ᠳᠤ᠂ ︽ᠡᠷᠢᠶᠡᠨ ᠬᠤᠲᠠ ᠶᠢᠨ 2023 ᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠯᠰᠡᠬᠦ ᠠᠯᠪᠠᠨ ᠵᠠᠷ︾ ᠢ ᠨᠡᠶᠢᠲᠡᠯᠡᠵᠦ᠂ | ᠪᠥᠬᠦ ᠬᠤᠲᠠ ᠶᠢᠨ ᠬᠡᠪᠴᠢᠶᠡᠨ ᠳᠤ ᠲᠥᠷᠥᠯ ᠵᠦᠢᠯ ᠴᠤᠭᠯᠠᠭᠤᠯᠬᠤ ᠶᠢᠨ ᠬᠠᠮᠲᠤ ᠵᠠᠰᠠᠭ ᠤᠨ ᠣᠷᠳᠣᠨ ᠤ | ᠰᠦᠯᠵᠢᠶ᠎ᠡ ᠳᠡᠭᠡᠷ᠎ᠡ ᠨᠡᠶᠢᠭᠡᠮ ᠤᠨ ᠪᠦᠯᠬᠦᠮ᠂ ᠠᠷᠠᠳ ᠢᠷᠭᠡᠨ᠂ ᠬᠠᠤᠯᠢ ᠶᠢᠨ ᠡᠷᠬᠡᠲᠡᠨ ᠠᠴᠠ ᠲᠥᠷᠥᠯ ᠵᠦᠢᠯ | ᠴᠤᠭᠯᠠᠭᠤᠯᠵᠤ᠂ 12 ᠰᠠᠷ᠎ᠠ ᠶᠢᠨ 20 ᠤ ᠡᠳᠦᠷ ᠪᠣᠯᠲᠠᠯ᠎ᠠ᠂ ᠰᠤᠷᠭᠠᠨ ᠬᠥᠮᠦᠵᠢᠯ ᠤᠨ ᠦᠢᠯᠡᠰ᠂ ᠬᠤᠲᠠ | ᠬᠥᠳᠡᠭᠡ ᠶᠢᠨ ᠰᠠᠭᠤᠷᠢ ᠲᠥᠬᠦᠭᠡᠷᠦᠮᠵᠢ᠂ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠵᠡᠷᠭᠡ 5 ᠶᠡᠭᠡ | ᠲᠥᠷᠥᠯ ᠤᠨ 20 ᠰᠠᠨᠠᠭᠤᠯᠭ᠎ᠠ ᠶᠢᠨ ᠲᠥᠷᠥᠯ ᠵᠦᠢᠯ ᠢ ᠴᠣᠭᠯᠠᠭᠤᠯᠪᠠ᠃ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠤ ᠰᠠᠨᠠᠯ ᠢ ᠰᠣᠨᠣᠰᠬᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ | ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠰᠡᠨ ᠴᠤᠭᠯᠠᠭᠤᠯᠤᠭᠰᠠᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠢ ᠠᠩᠬ᠎ᠠ ᠠᠯᠬᠤᠮ ᠰᠢᠯᠢᠨ ᠰᠣᠩᠭᠤᠵᠤ᠂ 14 ᠲᠦᠷᠦᠯ ᠵᠦᠢᠯ ᠢ | ᠰᠣᠩᠭᠤᠨ ᠭᠠᠷᠭᠠᠪᠠ᠃ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠬᠤ ᠶᠢᠨ ᠬᠠᠮᠲᠤ ᠬᠤᠳᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠠᠯ ᠳᠤ ᠮᠡᠳᠡᠭᠦᠯᠦᠨ ᠬᠢᠨᠠᠨ ᠶᠠᠷᠢᠯᠴᠠᠭᠤᠯᠬᠤ ᠪᠠᠷ ᠳᠠᠮᠵᠢᠨ᠂ ᠶᠡᠷᠦᠩᠬᠡᠢ ᠪᠡᠯᠡ | ᠣᠷᠣᠭᠤᠯᠤᠯᠲᠠ ᠨᠢ 5.6 ᠳᠦᠢᠩᠰᠢᠭᠤᠷ ᠲᠥᠭᠦᠷᠢᠭ ᠤᠨ ᠤᠰᠤ ᠬᠠᠩᠭᠠᠬᠤ ᠭᠤᠣᠷᠰᠣ ᠰᠦᠯᠵᠢᠶ᠎ᠡ ᠶᠢ | ᠦᠬᠡᠷᠡᠴᠢᠯᠡᠨ ᠰᠢᠨᠡᠳᠭᠡᠬᠦ ᠢᠨᠵᠧᠨᠧᠷᠢᠩ ︵ᠨᠢᠭᠡᠳᠦᠭᠡᠷ ᠬᠤᠭᠤᠴᠠᠭ᠎ᠠ︶᠂ ᠳᠥᠷᠪᠡᠳᠦᠭᠡᠷ ᠪᠠᠭ᠎ᠠ ᠰᠤᠷᠭᠠᠭᠤᠯᠢ ᠶᠢ | ᠨᠡᠭᠦᠯᠭᠡᠨ ᠪᠠᠶᠢᠭᠤᠯᠬᠤ ᠲᠥᠷᠥᠯ ᠵᠦᠢᠯ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠂ ᠰᠠᠶᠢᠬᠤᠰᠣ ᠠᠴᠠ ᠡᠷᠢᠶᠡᠨᠨᠠᠭᠤᠷ ᠬᠦᠷᠬᠦ | ᠬᠡᠰᠡᠭ ᠤᠨ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠬᠡᠷᠡᠴᠢᠯᠡᠨ ᠰᠢᠨᠡᠳᠭᠡᠬᠦ ᠢᠨᠵᠧᠨᠧᠷᠢᠩ᠂ | ᠲᠠᠷᠢᠶᠠᠯᠠᠬᠤ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠵᠦᠢᠯ᠂ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ | ᠵᠡᠷᠭᠡ 6 ᠲᠥᠷᠥᠯ ᠵᠦᠢᠯ ᠢ ᠵᠢᠱᠢᠭᠳᠡᠭᠴᠢ ᠲᠥᠷᠥᠯ ᠵᠦᠢᠯ ᠪᠣᠯᠭᠠᠵᠤ᠂ ᠡᠳᠦᠭᠡ ᠬᠤᠷᠠᠯ ᠳᠤ ᠳᠡᠪᠰᠢᠭᠦᠯᠵᠦ ᠪᠢᠯᠧᠲ | ᠦᠭᠴᠦ ᠪᠠᠳᠣᠯᠠᠭᠤᠯᠬᠤ ᠪᠠᠷ ᠪᠠᠶᠢᠨ᠎ᠠ᠃ | ᠲᠥᠯᠥᠭᠡᠯᠡᠭᠴᠢᠳ ᠠ᠋᠂ ᠪᠢᠳᠡ ᠪᠢᠯᠧᠲ ᠥᠭᠴᠦ ᠪᠠᠳᠣᠯᠠᠭᠰᠠᠨ ᠦᠷ᠎ᠡ ᠳ᠋ᠦᠩ ᠢ ᠦᠨᠳᠦᠰᠦᠯᠡᠨ᠂ | ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠨ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠭᠤᠴᠠᠨ ᠭᠦᠢᠴᠡᠳᠭᠡᠬᠦ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠵᠦ᠂ ᠠᠷᠠᠳ ᠤᠯᠠᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠢ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ᠂ ᠤᠯᠠᠨ ᠲᠦᠮᠡᠨ ᠤ | ᠰᠡᠳᠬᠢᠯ ᠬᠠᠨᠤᠮᠵᠢᠲᠠᠶ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠤᠨ᠎ᠠ᠃ |