ᠥᠪᠥᠷ ᠮᠣᠩᠭᠤᠯ ᠤᠨ ᠡᠷᠢᠶᠡᠨ ᠪᠣᠭᠤᠮᠲᠠ ︱ ᠪᠣᠭᠤᠮᠲᠠ ᠶᠢᠨ ᠨᠢᠭᠡᠳᠦᠭᠡᠷ ᠹᠷᠣᠨᠲ ᠢ ᠰᠠᠬᠢᠵᠤ ᠳᠡᠭᠡᠭᠡᠪᠣᠷᠢ  ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/1/30
  ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠠᠩ ᠴᠧᠩ   【ᠵᠢᠯᠤᠭᠤᠳᠬᠤ ᠲᠥᠪ᠂ ᠴᠢᠩᠭᠡᠯᠢᠭ ᠢ ᠪᠠᠶᠢᠴᠠᠭᠠᠨ ᠰᠢᠯᠭᠠᠬᠤ ᠳᠤᠭᠤᠶᠢᠯᠠᠩ ᠤᠨ ᠬᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠩᠭᠡᠯᠢᠭ ᠤᠨ ᠮᠣᠳᠣᠨ ᠮᠠᠲ᠋ᠧᠷᠢᠶᠠᠯ ᠢ ᠪᠠᠶᠢᠴᠠᠭᠠᠨ ᠰᠢᠯᠭᠠᠵᠤ ᠡᠬᠢᠯᠡᠪᠡ᠃】 ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠶᠡᠭᠡ ᠴᠠᠰᠤ ᠣᠷᠣᠭᠰᠠᠨ ᠥᠪᠥᠷ ᠮᠣᠩᠭᠤᠯ ᠤᠨ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ᠂ ᠭᠠᠶᠢᠯᠢ ᠶᠢᠨ ᠪᠣᠭᠤᠮᠲᠠ ᠶᠢᠨ ᠠᠵᠢᠯᠲᠠᠨ ᠸᠠᠩ ᠵᠢᠶᠦ᠋ᠨ ᠫᠧᠩ ᠶᠠᠷᠢᠯᠴᠠᠭᠤᠷ ᠮᠠᠰᠢᠨ ᠢᠶᠠᠷ ᠵᠢᠯᠤᠭᠤᠳᠬᠤ ᠲᠥᠪ ᠲᠤ ᠮᠡᠳᠡᠭᠦᠯᠵᠦ ᠪᠠᠶᠢᠯ᠎ᠠ᠃    ᠪᠢᠲᠡᠭᠦᠨ ᠤ ᠰᠥᠨᠢ ᠥᠩᠭᠡᠷᠡᠮᠡᠭᠴᠡ ᠨᠢᠭᠡᠨ ᠤᠳᠠᠭᠠᠨ ᠤ ᠬᠦᠢᠲᠡᠨ ᠤᠷᠤᠰᠬᠠᠯ ᠳᠠᠭᠠᠯᠳᠤᠨ ᠢᠷᠡᠪᠡ᠃ ᠦᠳᠡ ᠪᠣᠯᠤᠭᠰᠠᠨ ᠴᠤ ᠠᠭᠠᠷ ᠤᠨ ᠳᠤᠯᠠᠭᠠᠨ ᠲᠡᠭ ᠠᠴᠠ ᠳᠣᠷᠣᠭᠰᠢ 20 ᠭᠷᠠᠳᠦ᠋ᠰ ᠲᠤ ᠣᠶᠢᠷᠠᠳᠦᠨ᠎ᠠ᠃ ᠬᠡᠳᠦᠶᠢᠪᠡᠷ ᠬᠠᠮᠤᠭ ᠤᠨ ᠵᠤᠵᠠᠭᠠᠨ ᠬᠥᠪᠥᠩᠲᠡᠢ ᠬᠤᠪᠴᠠᠰᠤ ᠡᠮᠦᠰᠦᠭᠰᠡᠨ ᠪᠣᠯᠪᠠᠴᠤ ᠬᠦᠢᠲᠡᠨ ᠰᠠᠯᠬᠢ ᠮᠥᠨ ᠯᠡ ᠵᠠᠭᠠᠮ᠎ᠠ ᠶᠢ ᠳᠠᠭᠠᠵᠤ ᠨᠡᠪᠳᠡ ᠦᠯᠢᠶᠡᠨ᠎ᠡ᠃ ᠳᠡᠮᠡᠢ ᠤᠳᠠᠭᠰᠠᠨ ᠦᠭᠡᠢ ᠸᠠᠩ ᠵᠢᠶᠦ᠋ᠨ ᠫᠧᠩ ᠤᠨ ᠨᠢᠳᠦᠨ ᠰᠢᠯ ᠳᠡᠭᠡᠷ᠎ᠡ ᠮᠥᠰᠥ ᠬᠥᠯᠳᠡᠵᠦ᠂ ᠬᠥᠮᠥᠰᠬᠡ ᠪᠣᠯᠣᠨ ᠦᠰᠦ ᠨᠢ ᠴᠦ ︽ᠪᠤᠭᠤᠷᠤᠯᠲᠤᠪᠠ︾᠃ ᠲᠡᠷᠡ ᠠᠷᠭ᠎ᠠ ᠪᠤᠰᠤ ᠭᠠᠷ ᠲᠠᠬᠢ ᠠᠵᠢᠯ ᠢᠶᠠᠨ ᠲᠦᠷ ᠵᠣᠭᠰᠣᠵᠤ᠂ ᠭᠠᠷ ᠤᠨ ᠠᠯᠠᠭᠠᠨ ᠤ ᠬᠠᠯᠠᠭᠤᠨ ᠤ ᠬᠡᠮᠵᠢᠶ᠎ᠡ ᠪᠠᠷ ᠨᠢᠳᠦᠨ ᠰᠢᠯ ᠳᠡᠭᠡᠷᠡᠬᠢ ᠮᠥᠰᠥ ᠶᠢ ᠬᠠᠶᠢᠯᠤᠭᠤᠯᠤᠭᠰᠠᠨ ᠤ ᠳᠠᠷᠠᠭ᠎ᠠ ᠳᠠᠬᠢᠨ ᠦᠷᠭᠦᠯᠵᠢᠯᠡᠭᠦᠯᠦᠨ᠎ᠡ᠃ ︽ᠪᠢᠳᠡ ᠲᠡᠮᠦᠷ ᠵᠠᠮ ᠤᠨ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠡᠭᠡᠯᠵᠢ ᠶᠢᠨ ᠭᠠᠯᠲᠤ ᠲᠡᠷᠭᠡᠨ ᠤ ᠠᠵᠢᠯᠯᠠᠭᠠᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠣᠯᠵᠤ᠂ ᠠᠵᠢᠯ ᠤᠨ ᠲᠥᠯᠥᠪᠯᠡᠭᠡ ᠪᠠᠨ ᠤᠷᠢᠳᠴᠢᠯᠠᠨ ᠰᠠᠶᠢᠲᠤᠷ ᠬᠢᠬᠦ ᠬᠡᠷᠡᠭᠲᠡᠢ︾᠃ ᠸᠠᠩ ᠵᠢᠶᠦ᠋ᠨ ᠫᠧᠩ ᠮᠠᠰᠢᠨ ᠤ ᠲᠤᠭ᠎ᠠ ᠪᠠᠷᠢᠮᠲᠠ ᠶᠢ ᠪᠠᠶᠢᠴᠠᠭᠠᠨ ᠦᠵᠡᠬᠦ ᠶᠢᠨ ᠳᠠᠭᠠᠤ ᠲᠠᠨᠢᠯᠴᠠᠭᠤᠯᠬᠤ ᠳᠠᠭᠠᠨ᠄ ︽ᠪᠠᠰᠠ ᠸᠢᠴᠠᠲ ᠤᠨ ᠠᠵᠢᠯ ᠤᠨ ᠪᠦᠯᠦᠭ ᠪᠠᠶᠢᠭᠤᠯᠵᠤ᠂ ᠪᠠᠶᠢᠴᠠᠭᠠᠨ ᠰᠢᠯᠭᠠᠬᠤ ᠲᠥᠯᠥᠪᠯᠡᠭᠡ ᠪᠠᠨ ᠤᠷᠢᠳᠴᠢᠯᠠᠨ ᠮᠡᠳᠡᠭᠳᠡᠵᠦ᠂ ᠠᠵᠤ ᠠᠬᠤᠶᠢᠯᠠᠯ ᠤᠨ ᠬᠦᠯᠢᠶᠡᠬᠦ ᠴᠠᠭ ᠢ ᠪᠠᠭᠠᠰᠬᠠᠪᠠ︾ ᠭᠡᠵᠡᠢ᠃    ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠭᠠᠶᠢᠯᠢ ᠶᠢᠨ ᠪᠣᠭᠤᠮᠲᠠ ᠶᠢᠨ ᠬᠠᠷᠢᠶ᠎ᠠ ᠡᠷᠢᠶᠡᠨ ᠪᠣᠭᠤᠮᠲᠠ ᠶᠢᠨ ᠬᠢᠨ ᠵᠢᠵᠢᠭᠦᠷᠯᠡᠭᠴᠢ ᠪᠠᠨ ᠵᠣᠬᠢᠰᠲᠠᠢ ᠲᠣᠬᠢᠷᠠᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠤᠷᠢᠳᠠᠪᠠᠷ ᠪᠠᠲᠤᠯᠠᠵᠤ᠂ ᠣᠶᠤᠨᠴᠢᠯᠠᠬᠤ᠂ ᠮᠡᠳᠡᠭᠡ ᠵᠠᠩᠭᠢᠵᠢᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠨ᠎ᠠ᠃ ︽ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠠᠶᠠᠯᠠᠯ ᠤᠨ ᠪᠠᠶᠢᠳᠠᠯ ᠢ ᠢᠮᠠᠭᠲᠠ ᠪᠠᠲᠤᠯᠠᠭᠰᠠᠭᠠᠷ ᠢᠷᠡᠵᠡᠶ᠂ ᠡᠭᠦᠨ ᠳᠤ ᠪᠢᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠪᠣᠯᠣᠨ ᠳᠤᠮᠳᠠᠳᠤ ᠡᠸᠦ᠋ᠷᠦᠫᠡ   ᠶᠢᠨ ᠵᠢᠰᠢᠶᠠᠨ ᠤ ᠭᠠᠯᠲᠤ ᠲᠡᠷᠭᠡ   ᠶᠢᠨ ᠰᠠᠭᠠᠳ ᠦᠭᠡᠢ ᠠᠶᠠᠯᠠᠬᠤ   ᠶᠢ ᠦᠨᠡᠨᠬᠦ ᠪᠠᠲᠤᠯᠠᠬᠤ ᠬᠡᠷᠡᠭᠲᠡᠢ︾᠃ ᠸᠠᠩ ᠵᠢᠶᠦ᠋ᠨ ᠫᠧᠩ᠂ ︽ᠡᠨᠡ ᠵᠢᠯ ᠠᠴᠠ ᠨᠠᠰᠢ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠡᠳᠦᠷ ᠤᠨ ᠪᠣᠭᠤᠮᠲᠠ ᠥᠩᠭᠡᠷᠡᠬᠦ ᠲᠤᠭ᠎ᠠ ᠨᠢᠳᠤᠨᠤᠨ ᠤ ᠬᠢ ᠠᠴᠠ ᠪᠠᠭ᠎ᠠ ᠬᠡᠮᠵᠢᠶ᠎ᠡ ᠪᠠᠷ ᠨᠡᠮᠡᠭᠳᠡᠪᠡ᠂ ᠰᠢᠨ᠎ᠡ ᠨᠢᠭᠡ ᠵᠢᠯ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠨᠡᠪᠲᠡᠷᠡᠯᠲᠡ ᠶᠠᠪᠤᠬᠤ ᠳᠤᠳᠤᠮ ᠢᠯᠭᠤᠮ ᠰᠢᠯᠤᠭᠤᠨ᠂ ᠥᠨᠳᠥᠷ ᠪᠦᠲᠦᠮᠵᠢᠲᠡᠢ ᠪᠣᠯᠬᠤ ᠶᠢ ᠬᠦᠰᠡᠵᠦ ᠪᠠᠶᠢᠨ᠎ᠠ᠂ ᠪᠢᠳᠡ ᠪᠠᠰᠠ ︿ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ +﹀ ᠠᠵᠢᠯᠯᠠᠭᠠᠨ ᠤ ᠵᠠᠭᠪᠤᠷ ᠢ ᠭᠦᠨᠵᠡᠭᠡᠶᠢᠷᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠨᠡᠮᠡᠭᠳᠡᠯ ᠤᠨ ᠬᠡᠮᠵᠢᠶ᠎ᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠦᠢᠯᠡᠴᠢᠯᠡᠨ᠎ᠡ︾ ᠭᠡᠵᠦ ᠬᠡᠯᠡᠪᠡ᠃     ︽ᠠᠷᠠᠳ ᠤᠨ ᠡᠳᠦᠷ ᠤᠨ ᠰᠣᠨᠢᠨ︾ ︵2023ᠣᠨ ᠤ 01 ᠰᠠᠷ᠎ᠠ ᠶᠢᠨ 28 ᠤ ᠡᠳᠦᠷ ᠤᠨ ᠬᠡᠪᠯᠡᠯ ᠤᠨ 02 ᠳ᠋ᠤᠭᠠᠷ ᠨᠢᠭᠤᠷ︶
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号