ᠬᠤᠲᠠ ᠶᠢᠨ ᠬᠡᠷᠡᠯᠳᠦᠠᠣᠳᠦ ᠰᠤᠮᠤᠨ ᠤ ᠮᠠᠯᠴᠢᠳ ᠲᠤ᠄
ᠨᠡᠶᠢᠲᠡᠯᠡᠭᠰᠡᠨ ᠴᠠᠭ᠄
2023/1/9
      ᠵᠠᠷᠯᠠᠯᠬᠤᠲᠠ ᠶᠢᠨ ᠬᠡᠷᠡᠯᠳᠦᠠᠣᠳᠦ ᠰᠤᠮᠤᠨ ᠤ ᠮᠠᠯᠴᠢᠳ ᠲᠤ᠄      ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠬᠤᠲᠠ ᠲᠣᠭᠤᠷᠢᠭ ᠤᠨ ᠬᠡᠪᠴᠢᠶᠡᠨ ᠳᠤ ᠮᠠᠯᠵᠢᠬᠤ ᠣᠷᠣᠨ ᠤ ᠮᠠᠯ ᠰᠦᠷᠦᠭ ᠣᠷᠣᠵᠤ ᠢᠷᠡᠵᠦ᠂ ᠬᠤᠸᠠᠷ ᠴᠡᠴᠡᠭ ᠡᠪᠡᠰᠦ ᠮᠣᠳᠦ ᠶᠢ ᠬᠡᠮᠡᠯᠢᠨ᠂ ᠨᠣᠭᠤᠭᠠᠷᠠᠭᠤᠯᠣᠯᠳᠠ  ᠶᠢᠨ ᠳᠦᠬᠦᠭᠡᠷᠦᠮᠵᠢ ᠶᠢ ᠰᠦᠢᠳᠬᠡᠵᠦ᠂ ᠵᠠᠰᠠᠮᠠᠯ ᠵᠠᠮ ᠢ ᠬᠥᠨᠳᠡᠯᠡᠨ ᠭᠡᠲᠦᠯᠵᠦ᠂ ᠪᠠᠭᠠᠰᠤ ᠰᠢᠭᠡᠰᠦ ᠪᠠᠨ ᠳᠤᠷ᠎ᠠ ᠪᠠᠷ ᠢᠶᠠᠨ ᠭᠠᠳᠠᠭᠰᠢᠯᠠᠭᠤᠯᠬᠤ ᠵᠡᠷᠭᠡ ᠦᠵᠡᠭᠳᠡᠯ ᠭᠠᠷᠴᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠤᠲᠠ ᠶᠢᠨ ᠲᠦᠷᠢ ᠳᠦᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠦᠨᠳᠦ ᠨᠣᠴᠢᠲᠠᠢ ᠨᠥᠯᠥᠭᠡᠯᠡᠵᠦ᠂ ᠬᠤᠲᠠ ᠶᠢᠨ ᠠᠷᠠᠳ ᠤᠨ ᠬᠡᠪ ᠤᠨ ᠠᠮᠢᠳᠤᠷᠠᠯ ᠳᠤ ᠰᠠᠭᠠᠳ ᠪᠣᠯᠵᠦ ᠪᠠᠶᠢᠨ᠎ᠠ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠡᠳᠦᠭᠡ ᠳᠣᠣᠷᠠᠬᠢ ᠮᠡᠲᠦ ᠵᠠᠷᠯᠠᠶ᠎ᠠ᠄ᠨᠢᠭᠡ᠂ ᠶᠠᠮᠠᠷᠪᠠ ᠨᠢᠭᠡᠴᠡ ᠪᠠ ᠬᠤᠪᠢ ᠬᠥᠮᠥᠨ ᠮᠠᠯ ᠰᠦᠷᠦᠭ ︵ᠦᠬᠡᠷ᠂ ᠮᠣᠷᠢ᠂ ᠬᠤᠨᠢ᠂ ᠲᠡᠮᠡᠭᠡ ᠵᠡᠷᠭᠡ︶ ᠢᠶᠠᠨ ᠳᠤᠷ᠎ᠠ ᠪᠠᠷ ᠢᠶᠠᠨ ᠡᠷᠢᠶᠡᠨ ᠬᠤᠳᠠ ᠶᠢᠨ ᠬᠤᠳᠠ ᠲᠣᠭᠤᠷᠢᠭ ᠪᠠ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠭᠠᠵᠠᠷ ᠲᠤ ᠪᠡᠯᠴᠢᠭᠡᠷᠯᠡᠬᠦᠯᠬᠦ ᠶᠢ ᠴᠢᠩᠭ᠎ᠠ ᠴᠠᠭᠠᠵᠠᠯᠠᠨ᠎ᠠ᠃ ᠬᠤᠶᠠᠷ᠂ ᠲᠣᠰ ᠡᠳᠦᠷ ᠠᠴᠠ ᠡᠬᠢᠯᠡᠨ᠂ ᠬᠤᠲᠠ ᠲᠣᠭᠤᠷᠢᠭ ᠲᠤ ᠮᠠᠯ ᠤᠨᠤᠭ᠎ᠠ ᠣᠷᠣᠵᠤ ᠢᠷᠡᠭᠰᠡᠨ ᠢ ᠣᠯᠵᠤ ᠮᠡᠳᠡᠪᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠨᠢᠭᠡᠳᠦᠯᠲᠡᠢ ᠬᠠᠮᠢᠶᠠᠷᠴᠤ᠂ ᠳᠣᠰ ᠬᠤᠭᠤᠴᠠᠭᠠᠨ ᠳᠤ ᠪᠣᠶ ᠪᠣᠯᠤᠭᠰᠠᠨ ᠠᠯᠢᠪᠠ ᠵᠠᠷᠤᠳᠠᠯ ᠪᠠ ᠦᠷ᠎ᠡ ᠳ᠋ᠦᠩ ᠢ ᠮᠠᠯ ᠤᠨᠤᠭ᠎ᠠ ᠶᠢᠨ ᠥᠮᠴᠢᠯᠡᠯ ᠤᠨ ᠡᠷᠬᠡᠲᠦ ᠬᠥᠮᠥᠨ ᠡᠭᠦᠷᠭᠡᠯᠡᠨ᠎ᠡ᠃ᠭᠤᠷᠪᠠ᠂ ᠬᠡᠷᠪᠡ ᠳᠤᠷ᠎ᠠ ᠪᠠᠷ ᠢᠶᠠᠨ ᠮᠠᠯ ᠢᠶᠠᠨ ᠪᠡᠯᠴᠢᠬᠡᠷᠯᠡᠬᠦᠯᠦᠨ ᠬᠤᠳᠠ ᠣᠷᠣᠭᠤᠯᠤᠭᠰᠠᠨ ᠢ ᠣᠯᠵᠤ ᠮᠡᠳᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠤᠨ ᠬᠤᠷᠢ ᠶᠢᠰᠦᠳᠦᠭᠡᠷ ᠵᠦᠢᠯ  ᠤᠨ ᠶᠣᠰᠣᠭᠠᠷ᠂ ︽ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ  ᠢ ᠨᠠᠶᠢᠳᠠᠪᠤᠷᠢᠵᠢᠭᠤᠯᠤᠭᠰᠠᠨ ᠦᠭᠡᠢ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠨᠣᠳᠤᠭ ᠪᠡᠯᠴᠢᠬᠡᠷ ᠤᠨ ᠳᠠᠭᠠᠭᠠᠴᠠ ᠠᠴᠠ ᠬᠡᠲᠦᠷᠡᠭᠰᠡᠨ ᠨᠤᠷᠮ᠎ᠠ ᠨᠢ 10 % ᠠᠴᠠ ᠳᠡᠭᠡᠭᠰᠢ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠠᠴᠠ ᠳᠡᠭᠡᠭᠰᠢ ᠤᠳᠠᠭ᠎ᠠ ᠪᠡᠯᠴᠢᠭᠡᠷᠯᠡᠭᠦᠯᠦᠭᠰᠡᠨ ᠪᠣᠯ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠮᠥᠩᠭᠦ ᠶᠢ ᠰᠠᠭᠤᠯᠭᠠᠨ ᠠᠪᠣᠨ᠎ᠠ︾᠂ ᠭᠤᠴᠢᠨ ᠲᠠᠪᠤᠳᠤᠭᠠᠷ ᠵᠦᠢᠯ ︽ᠪᠡᠯᠴᠢᠬᠡᠷᠯᠡᠬᠦᠯᠬᠦ ᠶᠢ ᠴᠠᠭᠠᠵᠠᠯᠠᠭᠰᠠᠨ ᠣᠷᠣᠨ ᠪᠤᠶᠤ ᠪᠡᠯᠴᠢᠭᠡᠷᠯᠡᠬᠦᠯᠬᠦ ᠶᠢ ᠵᠣᠭᠰᠣᠭᠠᠭᠰᠠᠨ ᠬᠤᠭᠤᠴᠠᠭᠠᠨ ᠳᠤ ᠪᠡᠯᠴᠢᠬᠡᠷᠯᠡᠬᠦᠯᠦᠭᠰᠡᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠨ ᠪᠡᠯᠴᠢᠬᠡᠷᠯᠡᠬᠦᠯᠦᠭᠰᠡᠨ ᠨᠢᠭᠡᠴᠡ ᠨᠢᠭᠡᠪᠦᠷᠢ ᠶᠢ 120 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷ ᠰᠢᠳᠬᠡᠨ᠎ᠡ︾᠂ ᠡᠭᠦᠨ ᠳᠤ ᠮᠠᠯ ᠤᠨᠤᠭ᠎ᠠ ᠶᠢᠨ ᠥᠮᠴᠢᠯᠡᠯ ᠤᠨ ᠡᠷᠬᠡᠲᠦ ᠬᠥᠮᠥᠨ ᠳᠤ ᠵᠣᠬᠢᠬᠤ ᠰᠢᠳᠬᠡᠯ ᠥᠭᠭᠦᠨ᠎ᠡ ᠭᠡᠵᠦ ᠲᠣᠭᠲᠠᠭᠠᠵᠠᠢ᠃ᠳᠥᠷᠪᠡ᠂ ᠬᠡᠷᠪᠡ ᠮᠠᠯ ᠰᠦᠷᠦᠭ ᠬᠤᠲᠠ ᠳᠤ ᠣᠷᠣᠵᠤ ᠬᠤᠸᠠᠷ ᠴᠡᠴᠡᠭ ᠡᠪᠡᠰᠦ ᠮᠣᠳᠣ ᠶᠢ ᠬᠡᠮᠡᠯᠢᠵᠦ᠂ ᠨᠣᠭᠤᠭᠠᠷᠠᠭᠤᠯᠤᠯᠲᠠ ᠶᠢᠨ ᠳᠦᠬᠦᠭᠡᠷᠦᠮᠵᠢ ᠶᠢ ᠡᠪᠳᠡᠭᠰᠡᠨ ᠵᠡᠷᠭᠡ ᠦᠵᠡᠭᠳᠡᠯ ᠢ ᠣᠯᠵᠤ ᠮᠡᠳᠡᠪᠡᠯ᠂ ︽ᠬᠤᠲᠠ ᠶᠢᠨ ᠨᠣᠭᠤᠭᠠᠷᠠᠭᠤᠯᠤᠯᠲᠠ ᠶᠢᠨ ᠳᠦᠷᠢᠮ︾ ᠤᠨ ᠬᠤᠷᠢᠨ ᠵᠢᠷᠭᠤᠳᠤᠭᠠᠷ ᠵᠦᠢᠯ ᠤᠨ ᠶᠣᠰᠣᠭᠠᠷ ︽ᠲᠣᠰ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠣᠷᠠᠬᠢ ᠦᠶᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠨᠣᠭᠤᠭᠠᠷᠠᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠨᠢᠭᠡᠴᠡ ᠠᠴᠠ ᠵᠠᠷᠯᠢᠭᠳᠠᠵᠤ ᠪᠠᠶᠢᠭᠠᠳ ᠬᠠᠯᠳᠠᠯᠭ᠎ᠠ ᠶᠢ ᠨᠢ ᠵᠣᠭᠰᠤᠭᠠᠬᠤ ᠶᠢᠨ ᠬᠠᠮᠲᠤ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠳᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠥᠭᠬᠦ ᠶᠣᠰᠣᠲᠠᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄  ︵ᠨᠢᠭᠡ︶ ᠬᠤᠳᠠ ᠶᠢᠨ ᠬᠤᠸᠠᠷ ᠴᠡᠴᠡᠭ ᠡᠪᠡᠰᠦ ᠮᠣᠳᠣ ᠶᠢ ᠡᠪᠳᠡᠵᠦ ᠰᠦᠢᠳᠬᠡᠭᠰᠡᠨ︔  ︵ᠬᠤᠶᠠᠷ︶ ᠬᠤᠳᠠ ᠶᠢᠨ ᠮᠣᠳᠣ ᠶᠢ ᠳᠤᠷ᠎ᠠ ᠪᠠᠷ ᠢᠶᠠᠨ ᠣᠭᠲᠣᠯᠣᠭᠰᠠᠨ︔  ︵ᠭᠤᠷᠪᠠ︶ ᠡᠷᠲᠡᠨ ᠤ ᠮᠣᠳᠣ ᠨᠡᠷᠡᠳᠦ ᠮᠣᠳᠣ ᠶᠢ ᠣᠭᠲᠣᠯᠣᠭᠰᠠᠨ᠂ ᠳᠤᠷ᠎ᠠ ᠪᠠᠷ ᠢᠶᠠᠨ ᠨᠡᠭᠦᠯᠭᠡᠭᠰᠡᠨ ᠪᠤᠶᠤ ᠰᠠᠶᠢᠲᠤᠷ ᠠᠷᠠᠴᠢᠯᠠᠵᠤ ᠬᠠᠮᠠᠭᠠᠯᠠᠭᠰᠠᠨ ᠦᠭᠡᠢ ᠠᠴᠠ ᠪᠣᠯᠵᠤ ᠡᠷᠲᠡᠨ ᠤ ᠮᠣᠳᠣ ᠨᠡᠷᠡᠳᠦ ᠮᠣᠳᠣ ᠶᠢ ᠭᠡᠮᠲᠦᠭᠡᠭᠰᠡᠨ ᠪᠤᠶᠤ ᠦᠬᠦᠭᠦᠯᠦᠭᠰᠡᠨ︔ ︵ᠳᠥᠷᠪᠡ︶ ᠬᠤᠳᠠ ᠶᠢᠨ ᠨᠣᠭᠤᠭᠠᠷᠠᠭᠤᠯᠤᠯᠲᠠ ᠶᠢᠨ ᠲᠥᠬᠦᠭᠡᠷᠦᠮᠵᠢ ᠶᠢ ᠡᠪᠳᠡᠵᠦ ᠰᠦᠢᠳᠬᠡᠭᠰᠡᠨ︾ ᠭᠡᠬᠦ ᠲᠣᠭᠲᠠᠭᠠᠯ᠃ ᠮᠠᠯ ᠤᠨᠤᠭ᠎ᠠ ᠶᠢᠨ ᠥᠮᠴᠢᠯᠡᠯ ᠤᠨ ᠡᠷᠬᠡᠲᠦ ᠬᠥᠮᠥᠨ ᠳᠤ ᠵᠣᠬᠢᠴᠠᠯᠳᠣᠭᠰᠠᠨ ᠰᠢᠳᠬᠡᠯ ᠣᠯᠭᠤᠨ᠎ᠠ᠃ᠲᠠᠪᠤ᠂ ᠮᠠᠯ ᠰᠦᠷᠦᠭ ᠬᠤᠲᠠ ᠳᠤ ᠣᠷᠣᠭᠰᠠᠨ ᠦᠵᠡᠭᠳᠡᠯ ᠢ ᠡᠷᠢᠶᠡᠨ ᠬᠤᠲᠠ ᠶᠢᠨ ᠬᠡᠷᠡᠯᠳᠦᠠᠣᠳᠦ ᠰᠤᠮᠤᠨ ᠤ ᠵᠠᠰᠠᠭ ᠤᠨ ᠣᠷᠳᠣᠨ᠂ ᠡᠷᠢᠶᠡᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠬᠢᠨᠠᠨ ᠬᠠᠮᠢᠶᠠᠷᠴᠤ᠂ ᠳᠡᠭᠡᠷᠡᠬᠢ ᠬᠠᠤᠯᠢ ᠠᠴᠠ ᠵᠥᠷᠢᠴᠡᠭᠰᠡᠨ ᠵᠦᠢᠯᠡᠰ ᠢ ᠢᠯᠡᠷᠡᠭᠦᠯᠪᠡᠯ ᠮᠠᠯ ᠤᠨ ᠥᠮᠴᠢᠯᠡᠯ ᠤᠨ ᠡᠷᠬᠡᠲᠦ ᠬᠥᠮᠥᠨ ᠢ ᠴᠢᠩᠭ᠎ᠠ ᠰᠢᠢᠳᠪᠦᠷᠢᠯᠡᠬᠦ ᠬᠡᠷᠡᠭᠲᠡᠢ᠃ᠵᠢᠷᠭᠤᠭ᠎ᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠡᠷᠢᠶᠡᠨ ᠬᠤᠲᠠ ᠶᠢᠨ ᠭᠡᠷᠡᠯᠳᠦᠠᠣᠳᠦ ᠰᠤᠮᠤᠨ ᠤ ᠵᠠᠰᠠᠭ ᠤᠨ ᠣᠷᠳᠣᠨ                                                            2023 ᠣᠨ ᠤ 1 ᠰᠠᠷ᠎ᠠ ᠶᠢᠨ 1 ᠤ ᠡᠳᠦᠷ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                                                             2023 ᠣᠨ ᠤ 1 ᠰᠠᠷ᠎ᠠ ᠶᠢᠨ 1 ᠤ ᠡᠳᠦᠷᠡᠷᠢᠶᠡᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ               2023 ᠣᠨ ᠤ 1 ᠰᠠᠷ᠎ᠠ ᠶᠢᠨ 1 ᠤ ᠡᠳᠦᠷ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号