ᠡᠷᠢᠶᠡᠨ ᠬᠤᠲᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/10
   9 ᠰᠠᠷ᠎ᠠ ᠶᠢᠨ 26 ᠤ ᠡᠳᠦᠷ᠂ ᠮᠠᠨ ᠤ ᠬᠤᠲᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠶᠢᠰᠦᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠬᠠᠮᠢᠶ᠎ᠠ ᠪᠥᠬᠦᠶ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠰᠠᠨᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠴᠧᠨ ᠢᠦᠶ ᠴᠧᠩ᠂ ᠸᠠᠩ ᠳ᠋ᠦᠩ ᠱᠧᠩ᠂ ᠵᠠᠩ ᠶᠦᠩ ᡁᠢ᠂ ᠰᠢᠯᠢᠨᠪᠠᠭᠠᠳᠣᠷ ᠬᠤᠷᠠᠯ ᠳᠤ ᠣᠷᠣᠯᠴᠠᠵᠠᠶ᠃    ᠬᠤᠷᠠᠯ ᠠᠴᠠ᠂ ᠪᠠᠶᠢᠳᠠᠯ ᠢ ᠲᠣᠳᠣᠷᠬᠠᠢ ᠲᠠᠨᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ︽ᠵᠢᠭᠰᠠᠭᠠᠨ ᠪᠠᠶᠢᠴᠠᠭᠠᠵᠤ ᠡᠮᠬᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ᠂ ᠲᠣᠭᠲᠠᠭᠤᠨ ᠡᠵᠡᠮᠳᠡᠬᠦ ᠶᠢ ᠳ᠋ᠦᠩᠨᠡᠬᠦ︾ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠪᠣᠯᠤᠨ ︽ᠬᠡᠷᠡᠭ ᠶᠠᠪᠤᠳᠠᠯ ᠳᠤ ᠰᠡᠳᠬᠢᠯ ᠵᠢᠷᠦᠬᠡ ᠪᠠᠨ ᠬᠤᠯᠪᠣᠬᠤ᠂ ᠰᠡᠳᠬᠢᠯ ᠰᠡᠳᠬᠢᠯ ᠠᠴᠠ ᠪᠠᠨ ᠮᠡᠳᠡᠷᠡᠬᠦ᠂ ᠵᠠᠭᠠᠯᠳᠤᠯᠭ᠎ᠠ ᠶᠢ ᠵᠣᠭᠰᠣᠭᠠᠵᠤ ᠰᠤᠷᠪᠤᠯᠵᠢᠯᠠᠬᠤ ᠶᠢ ᠵᠣᠭᠰᠣᠭᠠᠬᠤ︾ ᠪᠠᠷᠢᠮᠵᠢᠶ᠎ᠠ ᠶᠣᠰᠣᠭᠠᠷ᠂ ᠵᠠᠷᠢᠮ ᠳᠠᠷᠤᠭᠳᠠᠮᠠᠯ ᠬᠡᠷᠡᠭ ᠵᠢᠴᠢ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠳᠤ ᠨᠢᠭᠡ ᠶᠠᠪᠤᠳᠠᠯ ᠢ ᠨᠢᠭᠡ ᠵᠥᠪᠯᠡᠵᠦ᠂ ᠨᠢᠭᠡ ᠬᠡᠷᠡᠭ ᠢ ᠨᠢᠭᠡ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠡᠷᠡᠭ ᠳᠠᠷᠠᠭᠠᠯᠠᠨ ᠰᠤᠳᠤᠯᠤᠨ ᠮᠠᠭᠠᠳᠯᠠᠵᠤ ᠵᠠᠳᠠᠯᠵᠤ᠂ ᠬᠡᠷᠡᠭ ᠳᠠᠷᠠᠭᠠᠯᠠᠨ ᠰᠢᠢᠳᠪᠦᠷᠢᠯᠡᠬᠦ ᠠᠷᠭ᠎ᠠ ᠬᠡᠮᠵᠢᠶ᠎ᠡ᠂ ᠰᠢᠢᠳᠪᠦᠷᠢᠯᠡᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠰᠤᠷᠪᠤᠯᠵᠢᠯᠠᠨ᠂ ᠬᠡᠷᠡᠭ ᠢ ᠳᠠᠭᠤᠰᠬᠠᠨ ᠬᠠᠷᠢᠭᠤ ᠰᠤᠷᠪᠤᠯᠵᠢᠯᠠᠵᠤ᠂ ᠬᠦᠴᠢᠷ ᠲᠦᠪᠡᠭᠲᠡᠢ ᠪᠠ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠭᠡᠷ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠬᠤᠳᠠ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠵᠠᠬᠢᠳᠠᠯ ᠰᠣᠷᠪᠣᠯᠵᠢᠯᠠᠭ᠎ᠠ ᠬᠢᠭᠰᠡᠳ ᠢ ᠬᠡᠯᠡᠵᠦ ᠪᠢᠰᠢᠷᠡᠭᠦᠯᠬᠦ ᠬᠥᠮᠦᠵᠢᠯ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠲᠠᠶᠢᠯᠪᠤᠷᠢᠯᠠᠯᠲᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠰᠠᠶᠢᠲᠤᠷ ᠬᠢᠵᠦ᠂ ᠰᠣᠷᠪᠣᠯᠵᠢᠯᠠᠭ᠎ᠠ ᠬᠢᠭᠰᠡᠳ ᠢ ᠬᠦᠳᠦᠯᠦᠨ ᠵᠢᠯᠣᠭᠤᠳᠴᠤ ᠪᠠᠶᠢᠭᠠᠳ ᠵᠦᠢ ᠶᠣᠰᠣᠴᠢ ᠪᠥᠭᠡᠳ ᠬᠠᠤᠯᠢ ᠶᠣᠰᠣᠨ ᠤ ᠠᠷᠭ᠎ᠠ ᠬᠡᠯᠪᠡᠷᠢ ᠪᠠᠷ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠵᠥᠷᠢᠴᠡᠯ ᠪᠠ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠢᠳᠬᠠᠯ ᠢ ᠰᠣᠨᠣᠰᠬᠤ ᠦᠭᠡᠢ᠂ ᠮᠠᠭᠤ ᠰᠠᠨᠠᠭ᠎ᠠ ᠪᠠᠷ ᠥᠳᠥᠭᠡᠬᠦ᠂ ᠬᠡᠷᠡᠭ ᠦᠢᠯᠡᠳᠬᠦ ᠵᠡᠷᠭᠡ ᠦᠢᠯᠡ ᠠᠵᠢᠯᠯᠠᠭ᠎ᠠ ᠳᠤ ᠵᠣᠷᠢᠭ ᠰᠢᠭᠤᠳᠴᠤ᠂ ᠬᠦᠴᠦᠲᠡᠶ ᠴᠣᠬᠢᠯᠲᠠ ᠥᠭᠴᠦ ᠵᠠᠰᠠᠵᠤ᠂ ᠬᠡᠪ ᠤᠨ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠦᠨᠡᠨ ᠬᠦ ᠬᠠᠮᠠᠭᠠᠯᠠᠬᠤ ᠬᠡᠷᠡᠭᠲᠡᠶ ᠭᠡᠪᠡ᠃    ᠬᠤᠷᠠᠯ ᠳᠡᠭᠡᠷ᠎ᠡ᠂ ᠡᠯ᠎ᠡ ᠬᠡᠷᠡᠭ ᠳᠠᠭᠠᠭᠠᠴᠢᠯᠠᠭᠰᠠᠨ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠠᠬᠢᠭᠤᠯᠤᠭᠰᠠᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠰᠢᠢᠳᠪᠦᠷᠢᠯᠡᠬᠦ ᠲᠥᠰᠦᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号