︽ᠡᠷᠢᠶᠡᠨ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/12
   ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠪᠠ ᠣᠷᠣᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠳᠣᠯᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠪᠥᠬᠦ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ︽ᠡᠷᠢᠶᠡᠨ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃    ᠨᠢᠭᠡ᠂ ᠪᠢᠴᠢᠭ ᠮᠠᠲ᠋ᠧᠷᠢᠶᠠᠯ ᠲᠤᠭᠤᠷᠪᠢᠬᠤ ᠭᠤᠣᠯ ᠦᠨᠳᠦᠰᠦᠯᠡᠯ    ᠭᠤᠤᠯᠳᠠᠭᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠡᠬᠢ ᠪᠠᠶᠠᠯᠢᠭ ︹2020︺ 1216 ᠳ᠋ᠤᠭᠠᠷ ᠲᠣᠭᠠᠲᠤ︶ ᠪᠠ ︽ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠰᠢᠯᠢ ᠵᠠᠬᠢᠷᠭ᠎ᠠ ᠲᠠᠷᠬᠠᠭᠠᠭᠰᠠᠨ ︹2020︺ 130 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠪᠡ    ᠬᠤᠶᠠᠷ᠂ ᠭᠤᠣᠯ ᠠᠭᠤᠯᠭ᠎ᠠ᠄    ᠨᠢᠭᠡᠳᠦᠭᠡᠷ ᠬᠡᠰᠡᠭ᠄ ᠶᠡᠷᠦᠩᠬᠡᠢ ᠳᠦᠷᠢᠮ    ᠲᠣᠰ ᠠᠷᠭ᠎ᠠ ᠶᠢᠨ ᠬᠡᠷᠡᠭᠯᠡᠬᠦ ᠬᠡᠪᠴᠢᠶ᠎ᠡ ᠵᠢᠴᠢ ᠡᠳ᠋ ᠬᠥᠷᠥᠩᠭᠡ ᠶᠢ ᠰᠢᠢᠳᠪᠣᠷᠢᠯᠡᠬᠦ᠂ ᠡᠳ᠋ ᠬᠥᠷᠥᠩᠭᠡ ᠶᠢ ᠰᠢᠢᠳᠪᠣᠷᠢᠯᠡᠬᠦ ᠣᠷᠣᠯᠭ᠎ᠠ ᠶᠢᠨ ᠤᠬᠠᠭᠳᠠᠬᠤᠨ ᠵᠡᠷᠭᠡ ᠶᠢ ᠲᠣᠳᠣᠷᠬᠠᠶᠢᠯᠠᠪᠠ᠃ ᠠᠷᠭ᠎ᠠ ᠨᠢ ᠮᠠᠨ ᠤ ᠬᠤᠲᠠ ᠶᠢᠨ ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠠᠯᠪᠠᠲᠠᠨ ᠤ ᠲᠦᠷᠢᠮ ᠢᠶᠠᠷ ᠯᠠᠪᠯᠠᠯᠲᠠ ᠪᠣᠯᠭᠠᠵᠤ ᠬᠠᠮᠢᠶᠠᠷᠬᠤ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠪᠦᠯᠬᠦᠮ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠦᠢᠯᠡ ᠠᠵᠢᠯᠯᠠᠭ᠎ᠠ ᠪᠠ ᠪᠤᠰᠤᠳ ᠲᠥᠷᠥᠯ ᠤᠨ ᠠᠵᠢᠯ ᠦᠢᠯᠡᠰ ᠤᠨ ᠨᠢᠭᠡᠴᠡ ︵ᠳᠣᠷᠣᠭᠰᠢ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠭᠡᠵᠦ ᠲᠣᠪᠴᠢᠯᠠᠨ᠎ᠠ︶ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠢᠳᠪᠦᠷᠢᠯᠡᠬᠦ ᠠᠵᠢᠯᠯᠠᠭ᠎ᠠ ᠳᠤ ᠬᠡᠷᠡᠭᠯᠡᠭᠳᠡᠨ᠎ᠡ᠃    ᠡᠳ᠋ ᠬᠥᠷᠥᠩᠭᠡ ᠶᠢ ᠰᠢᠢᠳᠪᠣᠷᠢᠯᠡᠬᠦ ᠭᠡᠳᠡᠭ ᠨᠢ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠰᠢᠯᠵᠢᠭᠦᠯᠬᠦ ᠪᠠ ᠬᠠᠷᠭᠤᠭᠤᠯᠤᠨ ᠬᠦᠴᠦᠨ ᠦᠭᠡᠶ ᠪᠣᠯᠭᠠᠬᠤ᠂ ᠵᠢᠱᠢᠶᠡᠯᠡᠪᠡᠯ ᠬᠥᠳᠡᠯᠦᠩᠭᠦᠶ ᠡᠳ᠋ ᠬᠥᠷᠥᠩᠭᠡ ᠶᠢ ᠰᠢᠢᠳᠪᠣᠷᠢᠯᠡᠬᠦ᠂ ᠲᠣᠭᠲᠠᠮᠠᠯ ᠡᠳ᠋ ᠬᠥᠷᠥᠩᠭᠡ ᠶᠢ ᠰᠢᠢᠳᠪᠣᠷᠢᠯᠡᠬᠦ᠂ ᠭᠠᠳᠠᠭᠠᠳᠤ ᠳᠤ ᠪᠡᠯᠡ ᠣᠷᠣᠭᠤᠯᠬᠤ ᠶᠢ ᠰᠢᠢᠳᠪᠣᠷᠢᠯᠡᠬᠦ ᠵᠢᠴᠢ ᠳᠠᠯᠳᠠ ᠡᠳ᠋ ᠬᠥᠷᠥᠩᠭᠡ ᠶᠢ ᠰᠢᠢᠳᠪᠣᠷᠢᠯᠡᠬᠦ ᠵᠡᠷᠭᠡ ᠶᠢ ᠵᠢᠭᠠᠵᠤ ᠪᠤᠶ᠃ ᠡᠳ᠋ ᠬᠥᠷᠥᠩᠭᠡ ᠶᠢ ᠰᠢᠢᠳᠪᠣᠷᠢᠯᠡᠬᠦ ᠠᠷᠭ᠎ᠠ ᠮᠠᠶ᠋ᠢᠭ ᠲᠤ ᠦᠨ᠎ᠡ ᠲᠥᠯᠥᠪᠦᠷᠢ ᠦᠭᠡᠶ ᠪᠠᠷ ᠰᠢᠯᠵᠢᠭᠦᠯᠦᠨ ᠭᠠᠷᠭᠠᠬᠤ᠂ ᠬᠤᠳᠠᠯᠳᠤᠬᠤ ︵ᠬᠢᠮᠳᠠ ᠦᠨ᠎ᠡ ᠪᠠᠷ ᠬᠤᠳᠠᠯᠳᠤᠬᠤ᠂ ᠰᠢᠯᠵᠢᠭᠦᠯᠦᠨ ᠥᠭᠬᠦ︶᠂ ᠰᠣᠯᠢᠬᠤ᠂ ᠭᠠᠳᠠᠭᠠᠳᠤ ᠳᠤ ᠲᠤᠰᠠᠯᠠᠨ ᠬᠦᠷᠭᠡᠬᠦ᠂ ᠬᠡᠷᠡᠭᠯᠡᠭᠡᠨ ᠠᠴᠠ ᠭᠠᠷᠭᠠᠬᠤ᠂ ᠬᠤᠬᠢᠷᠠᠯ ᠳᠤ ᠤᠴᠠᠷᠠᠭᠰᠠᠨ ᠵᠢᠴᠢ ᠵᠣᠭᠤᠰᠣᠨ ᠤ ᠴᠢᠨᠠᠷᠲᠠᠶ ᠡᠳ᠋ ᠬᠥᠷᠥᠩᠭᠡ ᠶᠢᠨ ᠬᠤᠬᠢᠷᠠᠯ ᠢ ᠬᠢᠨᠠᠨ ᠲᠠᠶᠢᠯᠬᠤ ᠵᠡᠷᠭᠡ ᠪᠠᠭᠲᠠᠨ᠎ᠠ᠃    ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠣᠷᠢᠯᠡᠭᠰᠡᠨ ᠣᠷᠣᠯᠭ᠎ᠠ ᠳᠤ ᠡᠯ᠎ᠡ ᠲᠥᠷᠥᠯ ᠤᠨ ᠡᠳ᠋ ᠬᠥᠷᠥᠩᠭᠡ ᠶᠢ ᠬᠤᠳᠠᠯᠳᠤᠭᠰᠠᠨ ᠣᠷᠣᠯᠭ᠎ᠠ᠂ ᠰᠣᠯᠢᠭᠰᠠᠨ ᠣᠷᠣᠯᠭ᠎ᠠ᠂ ᠬᠡᠷᠡᠭ ᠠᠴᠠ ᠭᠠᠷᠭᠠᠵᠤ ᠮᠡᠳᠡᠭᠦᠯᠦᠭᠰᠡᠨ ᠬᠤᠬᠢᠷᠠᠯ ᠤᠨ ᠦᠨ᠎ᠡ ᠪᠠᠨ ᠬᠤᠪᠢᠷᠠᠭᠤᠯᠤᠭᠰᠠᠨ ᠣᠷᠣᠯᠭ᠎ᠠ᠂ ᠲᠠᠲᠠᠪᠤᠷᠢᠯᠠᠭᠰᠠᠨ ᠨᠥᠬᠦᠪᠥᠷᠢ ᠶᠢᠨ ᠣᠷᠣᠯᠭ᠎ᠠ᠂ ᠳᠠᠭᠠᠳᠬᠠᠯ ᠤᠨ ᠲᠥᠯᠥᠪᠦᠷᠢ ᠶᠢᠨ ᠣᠷᠣᠯᠭ᠎ᠠ᠂ ᠠᠵᠢᠯ ᠦᠢᠯᠡᠰ ᠤᠨ ᠨᠢᠭᠡᠴᠡ ᠶᠢᠨ ᠭᠠᠳᠠᠭᠠᠳᠤ ᠳᠤ ᠪᠡᠯᠡ ᠣᠷᠣᠭᠤᠯᠤᠭᠰᠠᠨ ᠠᠰᠢᠭ ᠣᠯᠵᠠᠪᠤᠷᠢ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠨ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠ ᠳᠠᠭᠠᠭᠠᠯᠲᠠ ᠵᠡᠷᠭᠡ ᠲᠠᠯ᠎ᠠ ᠪᠠᠷ ᠣᠯᠤᠭᠰᠠᠨ ᠣᠷᠣᠯᠭ᠎ᠠ ᠵᠡᠷᠭᠡ ᠪᠠᠭᠲᠠᠨ᠎ᠠ᠃    ᠬᠤᠶᠠᠳᠤᠭᠠᠷ ᠬᠡᠰᠡᠭ᠄ ᠬᠠᠮᠢᠶᠠᠷᠤᠯᠲᠠ ᠶᠢᠨ ᠪᠠᠶᠢᠭᠤᠯᠤᠮᠵᠢ ᠪᠠ ᠡᠭᠦᠷᠭᠡ ᠬᠠᠷᠢᠭᠤᠴᠠᠯᠭ᠎ᠠ    ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠡᠯ᠎ᠡ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠠᠶ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠡ ᠶᠢᠨ ᠢᠶᠠᠨ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠲᠣᠰ ᠨᠢᠭᠡᠴᠡ ᠶᠢᠨ ᠢᠶᠠᠨ ᠥᠮᠴᠢᠯᠡᠭᠰᠡᠨ᠂ ᠬᠡᠷᠡᠭᠯᠡᠭᠰᠡᠨ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠳᠤ ᠪᠣᠳᠠᠲᠠᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃    ᠭᠤᠷᠪᠠᠳᠤᠭᠠᠷ ᠬᠡᠰᠡᠭ᠄ ᠡᠳ᠋ ᠬᠥᠷᠥᠩᠭᠡ ᠶᠢ ᠰᠢᠢᠳᠪᠦᠷᠢᠯᠡᠬᠦ ᠬᠠᠮᠢᠶᠠᠷᠤᠯᠲᠠ    ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠢᠳᠪᠦᠷᠢᠯᠡᠬᠦ ᠵᠠᠷᠴᠢᠮ᠂ ᠬᠦᠷᠢᠶ᠎ᠡ ᠬᠡᠪᠴᠢᠶ᠎ᠡ᠂ ᠠᠳᠠᠯᠢ ᠪᠤᠰᠤ ᠪᠠᠶᠢᠳᠠᠯ ᠤᠨ ᠲᠤᠰᠢᠶᠠᠬᠤ ᠴᠢᠬᠤᠯᠠᠲᠠᠶ ᠡᠳ᠋ ᠬᠥᠷᠥᠩᠭᠡ ᠶᠢ ᠰᠢᠢᠳᠪᠦᠷᠢᠯᠡᠬᠦ ᠮᠠᠲ᠋ᠧᠷᠢᠶᠠᠯ ᠵᠢᠴᠢ ᠬᠢᠨᠠᠨ ᠵᠥᠪᠰᠢᠶᠡᠷᠡᠬᠦ ᠡᠷᠬᠡ ᠮᠡᠳᠡᠯ ᠵᠡᠷᠭᠡ ᠶᠢ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ ᠡᠷᠬᠡ ᠮᠡᠳᠡᠯ ᠨᠢ ᠤᠤᠯ ᠤᠨ ᠠᠷᠭ᠎ᠠ ᠠᠴᠠ ᠪᠠᠨ ᠬᠤᠪᠢᠷᠠᠯᠲᠠ ᠲᠠᠢ ᠪᠣᠯᠵᠣ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃    ᠳᠥᠷᠪᠡᠳᠦᠭᠡᠷ ᠬᠡᠰᠡᠭ᠄ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢᠨ ᠬᠠᠮᠢᠶᠠᠷᠤᠯᠲᠠ    ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠬᠠᠮᠢᠶᠠᠷᠬᠤ ᠲᠣᠭᠲᠠᠭᠠᠯ ᠶᠣᠰᠣᠭᠠᠷ᠂ ᠬᠠᠮᠢᠶ᠎ᠠ ᠪᠦᠬᠦᠢ ᠭᠠᠶᠢᠯᠢ ᠰᠦᠢᠳᠬᠡᠯ ᠢ ᠬᠠᠰᠤᠭᠰᠠᠨ ᠤ ᠳᠠᠷᠠᠭ᠎ᠠ ᠲᠤᠰ ᠱᠠᠲᠤᠨ ᠤ ᠤᠯᠤᠰ ᠤᠨ ᠬᠥᠮᠥᠷᠭᠡ ᠪᠠᠨ ᠴᠠᠭ ᠲᠤᠬᠠᠶ ᠳᠤᠨᠢ᠂ ᠲᠤᠭ᠎ᠠ ᠶᠣᠰᠣᠭᠠᠷ ᠳᠡᠭᠡᠭᠰᠢ ᠲᠤᠰᠢᠶᠠᠵᠤ᠂ ᠨᠢᠭᠤᠬᠤ᠂ ᠳᠤᠮᠳᠠ ᠠᠴᠠ ᠨᠢ ᠦᠯᠡᠳᠡᠭᠡᠬᠦ᠂ ᠰᠠᠭᠤᠯᠭᠠᠨ ᠠᠪᠬᠤ ᠪᠠ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠪᠠ ᠭᠡᠵᠦ ᠲᠣᠳᠣᠷᠬᠠᠶ ᠲᠣᠭᠲᠠᠭᠠᠵᠠᠶ᠃     ᠲᠠᠪᠤᠳᠤᠭᠠᠷ ᠬᠡᠰᠡᠭ᠄ ᠬᠠᠤᠯᠢ ᠴᠠᠭᠠᠵᠠ ᠶᠢᠨ ᠬᠠᠷᠢᠭᠤᠴᠠᠯᠭ᠎ᠠ    ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠳᠤᠷ᠎ᠠ ᠪᠠᠷ ᠢᠶᠠᠨ ᠰᠢᠢᠳᠪᠣᠷᠢᠯᠡᠭᠰᠡᠨ ᠨᠢᠭᠡᠴᠡ ᠪᠠ ᠬᠤᠪᠢ ᠬᠥᠮᠦᠨ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ᠪᠠ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ ᠬᠠᠷᠢᠭᠤᠴᠠᠯᠭ᠎ᠠ ᠶᠢ ᠨᠢ ᠨᠡᠬᠡᠮᠵᠢᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠬᠦ ᠬᠡᠷᠡᠭᠲᠡᠶ᠃    ᠵᠢᠷᠭᠤᠳᠤᠭᠠᠷ ᠬᠡᠰᠡᠭ᠄ ᠳᠠᠭᠠᠯᠳᠤᠭᠤᠯᠤᠯ ᠳᠦᠷᠢᠮ    ᠲᠣᠰ ᠠᠷᠭ᠎ᠠ ᠶᠢ ᠨᠡᠶᠢᠲᠡᠯᠡᠭᠰᠡᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽︿ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ﹀ ᠢ ᠬᠦᠴᠦᠨ ᠥᠬᠡᠶ ᠪᠣᠯᠭᠠᠬᠤ ᠲᠤᠬᠠᠶ ᠴᠣᠬᠤᠯᠠᠪᠤᠷᠢ︾ ︵ᠡᠷᠢᠶᠡᠨ ᠵᠠᠰᠠᠭ ᠥᠰᠥᠭ ︹2010︺ 1 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ︵ᠬᠤᠶᠠᠷ ᠵᠠᠰᠠᠭ ᠲᠠᠷᠬᠠᠭᠠᠭᠰᠠᠨ ︹2010︺ 13 ᠳ᠋ᠤᠭᠠᠷ ᠲᠣᠭᠠᠲᠤ︶ ᠪᠠ ︽ᠡᠷᠢᠶᠡᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠠᠨ ᠤ ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠷᠢᠶᠡᠨ ᠡᠳ᠋ ᠲᠠᠷᠬᠠᠭᠠᠭᠰᠠᠨ ︹2013︺ 185 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号