ᠯᠦ ᠪᠦᠦ ᠳ᠋ᠦᠩ ᠰᠤᠮᠤ ᠭᠠᠴᠠᠭ᠎ᠠ ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/16
                   
   10 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠰᠤᠮᠤ ᠭᠠᠴᠠᠭ᠎ᠠ ᠳᠤ ᠭᠦᠨᠵᠡᠭᠡᠶᠢᠷᠡᠨ ᠮᠠᠯᠴᠢᠳ ᠤᠨ ᠭᠠᠩ ᠬᠠᠭᠰᠠᠷᠠᠭᠠᠨ ᠲᠠᠢ ᠲᠡᠮᠡᠴᠡᠬᠦ᠂ ᠮᠠᠯ ᠤᠨ ᠭᠠᠷᠭᠠᠯᠲᠠ ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠵᠢᠴᠢ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠳᠡᠳ᠋  ᠳᠠᠷᠤᠭ᠎ᠠ ᠸᠠᠩ ᠳ᠋ᠦᠩ ᠱᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠯᠦ ᠪᠦᠦ ᠳ᠋ᠦᠩ ᠰᠦᠵᠢ ᠭᠠᠴᠠᠭᠠᠨ ᠤ ᠮᠠᠯᠴᠢᠨ ᠵᠧᠦ ᠬᠠᠢ ᠶᠢᠨ ᠭᠡᠷ ᠲᠤ ᠬᠦᠷᠴᠦ᠂ ᠲᠡᠭᠦᠨ ᠤ ᠭᠡᠷ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠵᠡᠷᠭᠡ ᠶᠢ ᠨᠠᠷᠢᠨ ᠣᠶᠢᠯᠠᠭᠠᠪᠠ᠃ ᠯᠦ ᠪᠦᠦ ᠳ᠋ᠦᠩ ᠵᠧᠦ ᠬᠠᠢ᠂ ᠢᠲᠡᠭᠡᠯ ᠵᠣᠷᠢᠭ ᠢᠶᠠᠨ ᠪᠠᠲᠤᠳᠬᠠᠵᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠣᠶᠢᠯᠠᠭᠠᠭᠳᠠᠬᠤᠨ ᠢᠶᠠᠨ ᠬᠤᠪᠢᠷᠠᠭᠤᠯᠬᠤ ᠪᠠᠷ ᠳᠠᠮᠵᠢᠭᠤᠯᠵᠤ᠂ ᠠᠮᠢᠳᠤᠷᠠᠯ ᠦᠢᠯᠡᠳᠪᠦᠷᠢᠯᠡᠯ ᠤᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠮᠠᠯᠴᠢᠳ ᠤᠨ ᠶᠠᠪᠤᠵᠤ ᠰᠠᠭᠤᠬᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠵᠡᠷᠭᠡ ᠠᠰᠠᠭᠤᠳᠠᠯ ᠢ ᠦᠷᠭᠦᠯᠵᠢᠯᠡᠨ ᠠᠩᠬᠠᠷᠴᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠶ ᠭᠡᠵᠦ ᠵᠠᠬᠢᠪᠠ᠃    ᠳᠠᠷᠠᠭ᠎ᠠ ᠨᠢ᠂ ᠯᠦ ᠪᠦᠦ ᠳ᠋ᠦᠩ ᠬᠦᠭᠵᠢᠯᠳᠣᠶᠠᠭ᠎ᠠ ᠭᠠᠴᠠᠭ᠎ᠠ᠂ ᠡᠷᠳᠡᠨᠢᠭᠤᠪᠢ ᠭᠠᠴᠠᠭ᠎ᠠ ᠳᠤ ᠬᠦᠷᠴᠦ ᠰᠤᠷᠪᠤᠯᠵᠢᠯᠠᠵᠤ᠂ ᠮᠠᠯ ᠤᠨᠤᠭ᠎ᠠ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠲᠡᠷᠡ ᠮᠠᠯᠴᠢᠨ ᠡᠷᠦᠬᠡ ᠲᠠᠢ ᠨᠠᠷᠢᠨ ᠶᠠᠷᠢᠯᠴᠠᠵᠤ᠂ ᠣᠯᠠᠨ ᠢ ᠬᠠᠪᠰᠤᠷᠤᠨ ᠦᠬᠡᠷ ᠬᠤᠨᠢᠨ ᠤ ᠥᠪᠡᠷ ᠤᠨ ᠥᠷᠲᠡᠭ ᠢ ᠨᠠᠷᠢᠨ ᠪᠤᠳᠤᠵᠤ ᠥᠭᠪᠡ᠃ ᠶᠠᠷᠢᠯᠴᠠᠭᠠᠨ ᠤ ᠳᠤᠮᠳᠠ᠂ ᠮᠠᠯᠴᠢᠳ ᠡᠷᠲᠡ ᠪᠣᠷᠣᠯᠠᠭᠤᠯᠬᠤ᠂ ᠬᠤᠷᠰᠢᠶ᠎ᠠ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠩ ᠬᠠᠭᠰᠠᠷᠠᠭᠠᠨ ᠤ ᠨᠥᠯᠥᠭᠡ ᠶᠢ ᠪᠠᠭᠤᠷᠠᠭᠤᠯᠵᠤ᠂ ᠣᠷᠣᠯᠭ᠎ᠠ ᠵᠠᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠶᠢ ᠪᠡᠶᠡᠯᠡᠭᠦᠯᠦᠭᠰᠡᠨ ᠢ ᠰᠣᠨᠣᠰᠤᠭᠠᠳ ᠯᠦ ᠪᠦᠦ ᠳ᠋ᠦᠩ ᠮᠠᠰᠢ ᠪᠠᠶᠠᠷᠯᠠᠪᠠ᠃ ᠲᠡᠷᠡ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠣᠯ ᠣᠷᠣᠯᠭ᠎ᠠ ᠶᠢ ᠨᠡᠮᠡᠭᠳᠡᠭᠦᠯᠦᠨ ᠣᠷᠣᠯᠭ᠎ᠠ ᠶᠢ ᠡᠭᠦᠳᠬᠦ ᠰᠠᠶᠢᠨ ᠠᠷᠭ᠎ᠠ ᠮᠥᠨ᠂ ᠤᠯᠠᠨ ᠢᠶᠠᠷ ᠢᠶᠠᠨ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠲᠡᠵᠢᠭᠡᠨ ᠦᠷᠡᠵᠢᠭᠦᠯᠬᠦ ᠣᠳᠣᠬᠢᠴᠢᠯᠠᠯᠲᠠ ᠶᠢ ᠪᠡᠶᠡᠯᠡᠭᠦᠯᠵᠦ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠮᠠᠯᠴᠢᠳ᠂ ᠭᠠᠩ ᠤᠨ ᠪᠠᠶᠢᠳᠠᠯ ᠬᠠᠶᠢᠷ᠎ᠠ ᠨᠠᠶᠢᠷ ᠦᠭᠡᠢ ᠬᠠᠶᠢᠷ᠎ᠠ ᠬᠠᠯᠠᠮᠵᠢ ᠦᠭᠡᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠲᠦᠢᠯ ᠢᠶᠠᠷ ᠠᠩᠬᠠᠷᠴᠤ ᠪᠠᠶᠢᠨ᠎ᠠ᠂ ᠲᠡᠷᠡᠴᠢᠯᠡᠨ ᠤᠯᠠᠨ ᠠᠷᠭ᠎ᠠ ᠵᠠᠮ ᠢᠶᠠᠷ ᠡᠪᠡᠰᠦ ᠪᠣᠷᠳᠤᠭ᠎ᠠ᠂ ᠮᠠᠯ ᠤᠨᠤᠭ᠎ᠠ ᠶᠢ ᠪᠣᠷᠣᠯᠠᠭᠤᠯᠬᠤ ᠵᠡᠷᠭᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠤᠯᠠᠨ ᠤ ᠭᠠᠩ ᠬᠠᠭᠰᠠᠷᠠᠭᠠᠨ ᠲᠠᠢ ᠲᠡᠮᠡᠴᠡᠬᠦ ᠢᠲᠡᠭᠡᠯ ᠵᠣᠷᠢᠭ ᠲᠠᠬᠢᠨ ᠨᠡᠮᠡᠭᠳᠡᠵᠦ᠂ ᠬᠤᠶᠢᠰᠢᠳᠠ ᠶᠢᠨ ᠠᠮᠢᠳᠤᠷᠠᠯ ᠶᠠᠪᠤᠬᠤ ᠲᠤᠳᠤᠮ ᠰᠠᠶᠢᠵᠢᠷᠠᠬᠤ ᠶᠢ ᠢᠲᠡᠭᠡᠵᠦ ᠪᠠᠶᠢᠨ᠎ᠠ ᠬᠡᠵᠡᠢ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠦ ᠪᠦᠦ ᠳ᠋ᠦᠩ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠬᠦ ᠪᠣᠯ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠶᠢᠨ ᠳᠥᠷᠪᠡᠨ ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠦᠨᠡᠨᠬᠦ ᠣᠶᠢᠯᠠᠭᠠᠵᠤ᠂ ᠪᠠᠶᠢᠳᠠᠯ ᠲᠣᠳᠣᠷᠬᠠᠶ᠂ ᠰᠠᠭᠤᠷᠢ ᠲᠤᠭ᠎ᠠ ᠲᠣᠳᠣᠷᠬᠠᠶ ᠪᠠᠶᠢᠬᠤ ᠬᠡᠷᠡᠭᠲᠡᠶ᠃ ᠡᠭᠦᠨ ᠤ ᠬᠠᠮᠲᠤ᠂ ᠪᠠᠶᠢᠴᠠᠭᠠᠨ ᠰᠤᠳᠤᠯᠤᠯᠲᠠ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠣᠯᠠᠨ ᠲᠦᠮᠡᠨ ᠢ ᠦᠨᠡᠨ ᠬᠦ ᠬᠠᠪᠰᠤᠷᠤᠨ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠰᠢᠢᠳᠪᠦᠷᠢᠯᠡᠵᠦ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠡᠢ᠃    ᠡᠨᠡ ᠬᠤᠭᠤᠴᠠᠭᠠᠨ ᠳᠤ᠂ ᠯᠦ ᠪᠦᠦ ᠳ᠋ᠦᠩ ᠪᠠᠰᠠ ᠰᠠᠶᠢᠬᠤᠰᠤ ᠭᠠᠴᠠᠭ᠎ᠠ ᠪᠣᠯᠣᠨ ᠳᠠᠪᠤᠰᠤᠨ ᠨᠠᠭᠤᠷ ᠲᠤ ᠬᠦᠷᠴᠦ᠂ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠪᠣᠯᠣᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠨᠠᠷᠢᠯᠢᠭᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠤᠭᠤ ᠭᠠᠵᠠᠷ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠤᠭᠤ ᠭᠠᠵᠠᠷ ᠤᠨ ᠡᠬᠢ ᠪᠠᠶᠠᠯᠢᠭ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号