【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠷᠪᠠᠨ ᠵᠢᠯ ᠤᠨ ᠬᠤᠭᠤᠷᠣᠨᠳᠣᠬᠢ ᠠᠷᠠᠯᠵᠢᠶᠠᠨ ᠤ ᠥᠷᠲᠡᠭ ᠨᠢ 2000 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2023/10/16
  2013 ᠣᠨ ᠳᠤ ᠠᠩᠬ᠎ᠠ ᠤᠳᠠᠭ᠎ᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠠᠶᠠᠯᠠᠭᠰᠠᠨ ᠠᠴᠠ ᠨᠠᠰᠢ᠂ ᠡᠨᠡ ᠵᠢᠯ ᠤᠨ 10 ᠰᠠᠷ᠎ᠠ ᠶᠢᠨ 11 ᠤ ᠡᠳᠦᠷ ᠪᠣᠯᠲᠠᠯ᠎ᠠ᠂ ᠡᠷᠢᠶᠡᠨ ᠬᠤᠳᠠ ᠶᠢᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠷᠠᠯᠵᠢᠶᠠᠨ ᠤ ᠦᠷᠳᠡᠭ 2000 ᠳ᠋ᠦᠩᠰᠢᠭᠤᠷ ᠲᠥᠭᠦᠷᠢᠭ ᠢ ᠳᠠᠪᠠᠵᠠᠢ᠃    
   ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠤᠨ᠎ᠠ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠲᠤᠯᠬᠤ ᠴᠡᠭ ᠪᠣᠯᠤᠨ᠎ᠠ᠂ ᠮᠥᠨᠴᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠨᠡᠪᠲᠡᠷᠡᠬᠦ ᠵᠠᠮ︾ ᠤᠨ ᠴᠤᠷ ᠤᠨ ᠭᠠᠭᠴᠠ ᠬᠢᠯᠢ ᠪᠠᠷ ᠣᠷᠣᠵᠤ ᠭᠠᠷᠬᠤ ᠪᠣᠭᠤᠮᠲᠠ ᠪᠣᠯᠤᠨ᠎ᠠ᠃ ᠣᠳᠣᠬᠠᠨ ᠳᠤ᠂ ᠡᠷᠢᠶᠡᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ 69 ᠵᠤᠷᠪᠤᠰ ᠪᠣᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠲᠤᠭ᠎ᠠ ᠨᠡᠶᠢᠲᠡ 1.3 ᠲᠦᠮᠡ ᠭᠠᠷᠤᠢ ᠴᠤᠪᠤᠭ᠎ᠠ ᠪᠣᠯᠵᠤ᠂ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ 1200 ᠲᠦᠮᠡᠨ ᠲᠣᠨ ᠢ ᠳᠠᠪᠠᠪᠠ᠃    
  ᠣᠶᠢᠯᠠᠭᠠᠭᠰᠠᠨ ᠢᠶᠠᠷ᠂ ᠣᠳᠣᠬᠠᠨ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠴᠠᠭ ᠢ 3 ᠴᠠᠭ ᠪᠣᠯᠭᠠᠨ ᠪᠣᠭᠤᠨᠢᠰᠬᠠᠵᠤ᠂ ᠪᠣᠭᠤᠮᠲᠠ ᠶᠢᠨ ᠡᠳᠦᠷ ᠳᠤᠮᠳᠠᠴᠢ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 9 ᠤᠳᠠᠭ᠎ᠠ ᠪᠣᠯᠵᠤ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号