︽ᠭᠡᠷ ᠤᠨ ᠡᠭᠦᠳᠡᠨ ᠳᠤ︾ ᠨᠡᠷᠡᠲᠦ ᠡᠮᠴᠢ ᠪᠣᠢ︕ ᠪᠣᠭᠤᠮᠲᠠ ᠶᠢᠨ ᠣᠯᠠᠨ ᠲᠦᠮᠡᠨ ᠳᠤ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠭᠥᠷᠳᠡᠨ᠎ᠡ
ᠨᠡᠶᠢᠲᠡᠯᠡᠭᠰᠡᠨ ᠴᠠᠭ᠄
2023/10/17
  ᠨᠢᠳᠦᠨ ᠰᠠᠯᠠᠭᠠᠨ ᠤ ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠬᠤ ᠶᠢᠨ ᠳᠣᠯᠠᠳᠠ᠂ ᠣᠯᠠᠨ ᠳᠤ ︽ᠭᠡᠷ ᠤᠨ ᠡᠬᠦᠳᠡᠨ ᠳᠤ︾ ᠳᠠᠷᠤᠶ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠵᠦ᠂ 10 ᠰᠠᠷ᠎ᠠ ᠶᠢᠨ 13 ᠤ ᠡᠳᠦᠷ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠪᠡᠭᠡᠵᠢᠩ ᠤᠨ ᠨᠢᠳᠦᠨ ᠤ ᠰᠠᠯᠠᠭᠠᠨ ᠤ ᠲᠤᠰᠬᠠᠶ ᠮᠡᠷᠭᠡᠵᠢᠯᠲᠡᠨ ᠢ ᠲᠤᠰᠬᠠᠶᠢᠯᠠᠨ ᠤᠷᠢᠵᠤ ᠮᠠᠨ ᠤ ᠬᠤᠲᠠ ᠳᠤ ᠰᠠᠭᠤᠯᠭᠠᠪᠠ᠃    ᠡᠨᠡ ᠵᠢᠯ 92 ᠨᠠᠰᠤᠲᠠᠶ ᠼᠤᠤ ᠵᠢᠶ ᠨᠠᠰᠤᠲᠠᠨ ᠴᠠᠭᠠᠨ ᠬᠠᠷᠠᠩ ᠡᠪᠡᠳᠴᠢᠨ ᠳᠤ ᠨᠡᠷᠪᠡᠭᠳᠡᠵᠦ᠂ ᠨᠠᠰᠤ ᠠᠬᠢᠭᠰᠠᠨ ᠪᠥᠭᠡᠳ ᠣᠯᠠᠨ ᠵᠦᠢᠯ ᠤᠨ ᠰᠠᠭᠤᠷᠢ ᠡᠪᠡᠳᠴᠢᠨ ᠲᠠᠢ ᠪᠥᠭᠡᠳ ᠭᠠᠳᠠᠭᠰᠢ ᠭᠠᠷᠴᠤ ᠡᠮᠨᠡᠭᠦᠯᠬᠦ ᠵᠠᠷᠤᠳᠠᠯ ᠨᠢ ᠨᠡᠯᠢᠶᠡᠳ ᠥᠨᠳᠥᠷ ᠪᠠᠶᠢᠵᠤ᠂ ᠨᠠᠰᠤᠲᠠᠨ ᠤ ᠨᠢᠳᠦᠨ ᠤ ᠡᠪᠡᠳᠴᠢᠨ ᠢ ᠬᠠᠷᠠᠬᠠᠨ ᠡᠮᠨᠡᠭᠦᠯᠵᠦ ᠳᠡᠶᠢᠯᠦᠭᠰᠡᠨ ᠥᠬᠡᠶ᠃ ᠣᠳᠣᠬᠠᠨ ᠳᠤ᠂ ︽ᠬᠡᠷ ᠤᠨ ᠡᠬᠦᠳᠡᠨ ᠳᠤ︾ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠵᠦ ᠴᠢᠳᠠᠬᠤ ᠳᠤ ᠨᠠᠰᠤᠲᠠᠨ ᠪᠠᠶᠠᠷᠯᠠᠵᠤ᠂ ᠡᠨᠡ ᠪᠣᠯ ᠦᠨᠡᠬᠡᠷ ᠨᠢᠭᠡᠨ ᠲᠣᠮᠣ ᠪᠠᠶᠠᠷ ᠬᠥᠷ ᠲᠠᠢ ᠶᠠᠪᠤᠳᠠᠯ ᠮᠥᠨ ᠭᠡᠵᠦ ᠪᠠᠶᠠᠷᠲᠠᠶ ᠪᠠᠷ ᠬᠡᠯᠡᠪᠡ᠃    ᠮᠠᠨ ᠤ ᠬᠤᠲᠠ ᠳᠤ ᠢᠷᠡᠵᠦ ᠡᠮᠨᠡᠭᠦᠯᠬᠦ ᠪᠠᠷ ᠢᠷᠡᠭᠰᠡᠨ ᠪᠡᠭᠡᠵᠢᠩ ᠤᠨ ᠴᠥᠮ᠎ᠡ ᠶᠢᠨ ᠠᠵᠤ ᠦᠢᠯᠡᠳᠪᠦᠷᠢ ᠶᠢᠨ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠳᠡᠳ᠋ ᠡᠷᠬᠢᠯᠡᠭᠴᠢ ᠵᠠᠩ ᠵᠢᠶᠠ ᠨᠠᠨ᠄ ︽ᠡᠷᠢᠶᠡᠨ ᠬᠤᠲᠠ ᠨᠢ ᠥᠨᠳᠦᠷᠯᠢᠭ ᠲᠤ ᠪᠠᠶᠢᠷᠢᠯᠠᠵᠤ᠂ ᠬᠡᠷᠡᠯ ᠤᠨ ᠲᠤᠰᠤᠯᠲᠠ ᠴᠢᠩᠭ᠎ᠠ ᠪᠠᠶᠢᠵᠤ᠂ ᠬᠠᠷᠢᠴᠠᠩᠭᠤᠶ ᠪᠠᠷ ᠴᠠᠭᠠᠨ ᠬᠠᠷᠠᠩ ᠨᠡᠯᠢᠶᠡᠳ ᠥᠨᠳᠥᠷ ᠪᠠᠶᠢᠳᠠᠭ᠃ ᠡᠪᠡᠳᠴᠢᠨ ᠳᠤ ᠨᠡᠷᠪᠡᠭᠳᠡᠭᠰᠡᠨ ᠤ ᠳᠠᠷᠠᠭ᠎ᠠ ᠮᠠᠰᠢ ᠣᠯᠠᠨ ᠨᠠᠰᠤᠲᠠᠨ ᠮᠡᠰᠡ ᠵᠠᠰᠠᠯ ᠤᠨ ᠠᠶᠤᠯ ᠳᠦᠭᠰᠢᠬᠦᠷᠢ ᠶᠢ ᠶᠡᠬᠡᠰᠬᠦ ᠠᠴᠠ ᠵᠣᠪᠠᠨ᠎ᠠ᠂ ᠦᠨᠡᠨ ᠳᠡᠭᠡᠨ ᠡᠩ ᠤᠨ ᠴᠠᠭᠠᠨ ᠬᠠᠷᠠᠩ ᠤᠨ ᠮᠡᠰᠡ ᠵᠠᠰᠠᠯ ᠭᠤᠷᠪᠠ ᠠᠴᠠ ᠲᠠᠪᠤᠨ ᠮᠢᠨᠦ᠋ᠲ ᠪᠣᠯᠪᠠᠯ ᠳᠠᠷᠤᠢ ᠳᠠᠭᠤᠰᠤᠨ᠎ᠠ᠂ ᠳᠠᠷᠠᠭ᠎ᠠ ᠡᠳᠦᠷ ᠨᠢ ᠶᠠᠭᠤᠮ᠎ᠠ ᠦᠵᠡᠵᠦ ᠪᠣᠯᠤᠨ᠎ᠠ᠃ ᠠᠳᠡ ᠣᠯᠠᠨ ᠳᠤ᠂ ᠲᠣᠭᠲᠠᠭᠰᠠᠨ ᠬᠤᠭᠤᠴᠠᠭ᠎ᠠ ᠲᠠᠢ ᠪᠠᠷ ᠨᠢᠳᠦᠨ ᠤ ᠡᠮᠨᠡᠯᠭᠡ ᠶᠢᠨ ᠪᠠᠶᠢᠴᠠᠭᠠᠯᠲᠠ ᠬᠢᠵᠦ᠂ ᠡᠷᠲᠡ ᠢᠯᠡᠷᠡᠭᠦᠯᠵᠦ ᠡᠷᠲᠡ ᠡᠮᠨᠡᠭᠦᠯᠬᠦ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠤᠳᠠᠭ᠎ᠠ ᠨᠡᠶᠢᠲᠡ 23 ᠨᠢᠳᠦᠨ ᠤ ᠡᠪᠡᠳᠴᠢᠲᠡᠨ ︽ᠬᠡᠷ ᠤᠨ ᠡᠬᠦᠳᠡᠨ ᠳᠤ︾  ᠲᠤᠰᠬᠠᠶ ᠮᠡᠷᠭᠡᠵᠢᠯ ᠤᠨ ᠲᠠᠰ ᠤᠨ ᠡᠮᠴᠢᠯᠡᠭᠡᠨ ᠤ ᠦᠢᠯᠡᠴᠢᠯᠡᠭᠡ ᠭᠥᠷᠳᠡᠪᠡ᠃    ᠡᠮ ᠡᠮᠨᠡᠯᠭᠡ ᠡᠷᠡᠭᠦᠯ ᠬᠠᠮᠠᠭᠠᠯᠠᠯ ᠤᠨ ᠪᠦᠳᠦᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠡᠷᠢᠭᠦᠨ ᠤ ᠭᠠᠵᠠᠷ ᠣᠷᠣᠨ ᠯᠤᠭ᠎ᠠ ᠶᠢᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠦᠷᠭᠦᠯᠵᠢᠯᠡᠨ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠬᠤᠲᠠ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠤ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ︾ ᠵᠡᠷᠭᠡ ᠠᠰᠠᠭᠤᠳᠠᠯ ᠢ ᠲᠦᠢᠯ ᠤᠨ ᠶᠡᠭᠡ ᠪᠠᠷ ᠨᠠᠮᠳᠠᠭᠤᠯᠵᠠᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号