【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1338.5 ᠲᠦᠮᠡᠨ ᠲᠣᠨ ᠳᠤ ᠬᠦᠷᠪᠡ
ᠨᠡᠶᠢᠲᠡᠯᠡᠭᠰᠡᠨ ᠴᠠᠭ᠄
2023/10/17
      ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠡᠷᠢᠶᠡᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1338.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.6% ᠪᠠᠷ ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 1072.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61% ᠪᠠᠷ ᠨᠡᠮᠡᠭᠳᠡᠪᠡ︔ ᠭᠠᠳᠠᠭᠠᠳᠤ ᠭᠠᠷᠭᠠᠯᠲᠠ 266.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.2% ᠢᠶᠠᠷ ᠨᠡᠮᠡᠭᠳᠡᠪᠡ᠃    
   ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠣᠯᠪᠠ᠃    
  ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ ᠢᠶᠠᠷ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号