ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/18
  9 ᠰᠠᠷ᠎ᠠ ᠶᠢᠨ 25 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠾᠧᠦ ᠶᠠᠨ ᠮᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ ᠵᠢᠶᠦ᠋ᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠥᠬᠦ ᠺᠠᠳ᠋ᠷ᠂ ᠡᠯ᠎ᠡ ᠬᠠᠮᠵᠢᠯᠴᠠᠬᠤ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠪᠠᠷ ᠢᠶᠠᠨ ᠲᠥᠯᠥᠪᠵᠢᠭᠦᠯᠦᠨ ᠪᠠᠶᠢᠷᠢᠯᠠᠭᠤᠯᠵᠤ᠂ ᠠᠯᠢ ᠣᠯᠠᠨ ᠴᠢᠬᠤᠯᠠ ᠥᠭᠦᠯᠡᠯᠲᠡ ᠬᠢᠵᠦ ᠂ ᠪᠢᠳᠡᠨ ᠤ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠪᠣᠯᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃    ᠬᠤᠷᠠᠯ ᠠᠴᠠ᠂ ︽ᠠᠰᠠᠭᠤᠳᠠᠯ ᠢ ᠢᠯᠡᠷᠡᠭᠦᠯᠵᠦ᠂ ᠰᠦᠷᠳᠡᠭᠦᠯᠦᠯ ᠢ ᠪᠤᠢ ᠪᠣᠯᠭᠠᠵᠤ᠂ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠬᠤ︾ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠪᠣᠯ ᠶᠡᠷᠦᠩᠬᠡᠢ ᠱᠦᠵᠢ ᠰᠢ ᠶᠢᠨ ᠫᠢᠩ᠂ ᠨᠠᠮ ᠤᠨ ᠲᠥᠪ ᠬᠤᠷᠢᠶ᠎ᠠ ᠠᠴᠠ ᠣᠯᠭᠤᠭᠰᠠᠨ ᠲᠣᠭᠤᠷᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠢᠮᠠᠭᠲᠠ ᠲᠤᠭᠤᠰᠢᠯᠠᠭᠤᠯᠬᠤ ᠬᠡᠷᠡᠭᠲᠡᠢ᠃ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠣᠭᠤᠷᠢᠨ ᠪᠠᠶᠢᠴᠠᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠨ᠂ ᠴᠤᠭ ᠰᠦᠯᠳᠡ ᠪᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号