【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ︽ᠨᠢᠭᠡ ᠪᠦᠰᠡ ᠨᠢᠭᠡ ᠵᠠᠮ︾ ᠤᠨ ᠠᠷᠪᠠᠨ ᠵᠢᠯ ᠢ ᠬᠠᠮᠲᠤ ᠪᠠᠷ ᠪᠠᠶᠢᠭᠤᠯᠬᠤ ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠯᠲᠠ ᠶᠢᠨ ᠥᠷᠲᠡᠭᠡ ᠶᠢᠨ  ᠦᠢᠯᠡᠴᠢᠯᠡᠭᠡᠨ ᠤ ᠪᠠᠲᠤᠯᠠᠭ᠎ᠠ 1.3 ᠲᠦᠮᠡᠨ ᠴᠤᠪᠤᠭ᠎ᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠠᠶᠠᠯᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2023/10/19
   ᠡᠨᠡ ᠵᠢᠯ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠤᠨ᠎ᠠ ᠃ ᠠᠷᠪᠠᠨ ᠵᠢᠯ ᠤᠨ ᠲᠤᠷᠰᠢ᠂ ᠡᠷᠢᠶᠡᠨ ᠬᠤᠳᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠳᠡᠭᠡ ᠶᠢᠨ ᠦᠢᠯᠡᠴᠢᠯᠡᠭᠡᠨ ᠤ ᠪᠠᠲᠤᠯᠠᠭ᠎ᠠ 1.3 ᠲᠦᠮᠡᠨ ᠴᠤᠪᠤᠭ᠎ᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠠᠮᠤᠷ ᠲᠦᠪᠰᠢᠨ ᠥᠨᠳᠥᠷ ᠪᠦᠲᠦᠮᠵᠢᠲᠡᠢ ᠪᠠᠷ ᠦᠩᠬᠡᠷᠡᠬᠦᠯᠦᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃    ᠣᠶᠢᠷ᠎ᠠ ᠶᠢᠨ ᠡᠳᠦᠷ ᠤᠳ ᠲᠤ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠢᠵᠢᠭᠦᠷᠯᠡᠬᠦ ᠲᠤᠬᠠᠶ ᠶᠢᠨ ᠲᠠᠯᠠᠪᠠᠶ ᠶᠠᠭᠠᠷᠠᠯᠲᠠᠢ ᠪᠠᠶᠢᠵᠤ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠨ ᠰᠢᠯᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠪᠦᠷᠢᠶ᠎ᠡ ᠪᠠᠨ ᠳᠤᠤᠭᠠᠷᠭᠠᠵᠤ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠤᠯᠤᠰ ᠲᠤ ᠬᠦᠷᠭᠡᠪᠡ᠃    ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠤᠨ᠎ᠠ᠃ 2013 ᠣᠨ ᠳᠤ ᠡᠷᠢᠶᠡᠨ ᠲᠡᠮᠦᠷ ᠵᠠᠮ ᠤᠨ ᠪᠣᠭᠤᠮᠲᠠ ᠪᠠᠷ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠪᠠᠷ ᠠᠶᠠᠯᠠᠭᠰᠠᠨ ᠠᠴᠠ ᠨᠠᠰᠢ᠂ ᠬᠠᠮᠤᠭ ᠤᠨ ᠠᠩᠬᠠᠨ ᠤ 2 ᠵᠤᠷᠪᠤᠰ ᠠᠴᠠ ᠨᠡᠮᠡᠭᠳᠡᠭᠡᠳ 69 ᠵᠤᠷᠪᠤᠰ ᠪᠣᠯᠵᠤ᠂ ᠨᠡᠶᠢᠲᠡ 1.3 ᠲᠦᠮᠡᠨ ᠴᠤᠪᠤᠭ᠎ᠠ ᠲᠡᠷᠭᠡ ᠨᠡᠪᠲᠡᠷᠡᠭᠰᠡᠨ ᠪᠠᠶᠢᠨ᠎ᠠ᠃ ᠭᠠᠳᠠᠭᠠᠳᠤ ᠳᠤ ᠭᠠᠷᠭᠠᠬᠤ ᠪᠠᠷᠠᠭ᠎ᠠ ᠨᠢ ᠡᠷᠲᠡ ᠦᠶ᠎ᠡ ᠶᠢᠨ ᠬᠤᠪᠴᠠᠰᠤ ᠬᠤᠨᠠᠷ᠂ ᠱᠠᠬᠠᠶ ᠮᠠᠯᠠᠭᠠᠢ ᠵᠡᠷᠭᠡ ᠳᠣᠤᠷ᠎ᠠ ᠨᠡᠮᠡᠯᠲᠡ ᠥᠷᠲᠡᠭ ᠪᠥᠬᠦᠶ ᠦᠢᠯᠡᠳᠬᠦᠨ ᠪᠠᠶᠢᠭᠰᠠᠨ ᠠᠴᠠ ᠪᠠᠨ ᠣᠲᠣ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ᠂ ᠮᠠᠰᠢᠨ ᠲᠥᠬᠦᠭᠡᠷᠦᠮᠵᠢ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠥᠨᠳᠥᠷ ᠨᠡᠮᠡᠯᠲᠡ ᠥᠷᠲᠡᠭ ᠪᠥᠬᠦᠶ ᠦᠢᠯᠡᠳᠬᠦᠨ ᠪᠣᠯᠵᠣ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶᠠᠨ ᠤ ᠰᠠᠭᠠᠳ ᠥᠬᠡᠶ ᠨᠡᠪᠲᠡᠷᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ︽ᠪᠣᠯᠣᠳ ᠲᠡᠮᠦᠷ ᠤᠨ ᠲᠡᠮᠡᠭᠡᠨ ᠵᠢᠩ︾ ᠨᠢᠭᠡ ᠵᠠᠮ ᠤᠮᠠᠷᠠᠰᠢ ᠲᠠᠯ᠎ᠠ ᠨᠤᠲᠤᠭ ᠤᠨ ᠲᠣᠷᠭᠠᠨ ᠵᠠᠮ ᠢ ᠴᠢᠭᠯᠡᠨ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭᠲᠠᠶ ᠪᠠᠶᠢᠬᠤ ᠳᠣᠬᠢᠶ᠎ᠠ ᠶᠢ ᠲᠠᠰᠤᠷᠠᠯᠲᠠ ᠥᠬᠡᠶ ᠳᠠᠮᠵᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃    ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠬᠦ ᠬᠤᠶᠠᠳᠤᠭᠠᠷ ᠠᠩᠭᠢ ᠶᠢᠨ ᠠᠷᠠᠳ ᠤᠨ ᠴᠠᠭᠳᠠᠭ᠎ᠠ ᠦᠢᠯᠡᠰ ᠠᠴᠠ᠄ ︽2013 ᠣᠨ ᠳᠤ ᠵᠢᠵᠢᠭᠦᠷᠯᠡᠬᠦ ᠳᠤ ᠲᠤᠬᠠᠶ ᠶᠢᠨ ᠲᠠᠯᠠᠪᠠᠶ ᠳᠤ 3 ᠥᠷᠭᠡᠨ ᠵᠠᠮ᠂ 1 ᠪᠠᠷᠢᠮᠵᠢᠶᠠᠲᠤ ᠵᠠᠮ ᠳᠡᠪᠢᠰᠦᠭᠰᠡᠨ ᠪᠠᠶᠢᠵᠦ᠂ ᠡᠳᠦᠷ ᠪᠦᠷᠢ ᠪᠣᠭᠤᠮᠲᠠ ᠪᠠᠷ ᠥᠩᠭᠡᠷᠡᠬᠦ ᠭᠠᠯᠲᠤ ᠲᠡᠷᠭᠡ ᠵᠥᠪᠬᠡᠨ 20 ᠴᠤᠪᠤᠭ᠎ᠠ ᠲᠡᠷᠭᠡ ᠪᠠᠶᠢᠨ᠎ᠠ᠃ ᠣᠳᠣ 3 ᠵᠤᠷᠪᠤᠰ ᠥᠷᠭᠡᠨ ᠵᠠᠮ᠂ 3 ᠵᠤᠷᠪᠤᠰ ᠪᠠᠷᠢᠮᠵᠢᠶᠠᠲᠤ ᠲᠡᠮᠦᠷ ᠵᠠᠮ ᠪᠣᠯᠣᠨ ᠨᠡᠮᠡᠭᠳᠡᠵᠦ᠂ ᠡᠳᠦᠷ ᠪᠦᠷᠢ 44 ᠴᠤᠪᠤᠭ᠎ᠠ ᠲᠡᠷᠭᠡ ᠨᠡᠮᠡᠭᠳᠡᠵᠦ᠂ ᠨᠢᠭᠡ ᠳᠠᠬᠢᠨ ᠢᠯᠡᠭᠦᠦ ᠨᠡᠮᠡᠭᠳᠡᠵᠡᠢ︾  ᠭᠡᠪᠡ᠃    ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠶᠢᠨ ᠠᠵᠢᠯᠯᠠᠭᠠᠨ ᠳᠠᠬᠢᠨ ᠢᠶᠠᠷ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ ᠂ ᠡᠷᠢᠶᠡᠨ ᠤ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠶᠤᠨᠲᠤ ᠬᠢᠯᠢ ᠶᠢᠨ ᠪᠠᠶᠢᠴᠠᠭᠠᠯᠲᠠ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ᠂ ᠲᠡᠮᠦᠷ ᠵᠠᠮ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠠᠵᠢᠯᠯᠠᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠭᠠᠯᠲᠤ ᠲᠡᠷᠭᠡᠨ ᠤ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠣᠷᠢᠯᠡᠪᠡ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠰᠠᠭᠠᠳ ᠥᠬᠡᠶ ᠨᠡᠪᠲᠡᠷᠡᠬᠦ ᠵᠠᠮ︾᠂ ︽ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠵᠢᠴᠢ ᠲᠤᠰᠬᠠᠶ ᠴᠣᠩᠬᠤ ᠶᠢ ᠪᠠᠶᠢᠭᠤᠯᠵᠤ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ ᠡᠭᠦᠨ ᠤ ᠬᠠᠮᠲᠤ᠂ ᠪᠤᠴᠠᠬᠤ ᠡᠭᠡᠯᠵᠢ ᠶᠢᠨ ᠭᠠᠯᠲᠤ ᠲᠡᠷᠭᠡᠨ ᠤ ᠪᠠᠷᠠᠭ᠎ᠠ ᠠᠴᠢᠶᠠᠯᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠷᠠᠭ᠎ᠠ ᠶᠢ ᠲᠦᠷᠭᠡᠨ ᠭᠠᠷᠭᠠᠬᠤ ᠶᠢ ᠪᠡᠶᠡᠯᠡᠭᠦᠯᠵᠦ᠂ ᠭᠠᠯᠲᠤ ᠲᠡᠷᠭᠡᠨ ᠤ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠣᠭᠤᠮᠲᠠ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠳᠣᠯᠠᠪᠠ᠃    ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠭᠠᠵᠠᠷ ᠤᠨ ᠳᠡᠳ᠋ ᠳᠠᠷᠤᠭ᠎ᠠ ᠰᠡᠴᠡᠨ ᠬᠡᠯᠡᠬᠦ ᠳᠡᠭᠡᠨ᠄ ︽ᠵᠠᠯᠭᠠᠭᠠᠳ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠠᠯᠤᠰᠯᠠᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠰᠠᠭᠠᠳ ᠦᠭᠡᠢ ᠨᠡᠪᠲᠡᠷᠡᠭᠦᠯᠬᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠬᠦ ᠳᠤ ᠬᠢᠯᠢ ᠶᠢᠨ ᠪᠠᠶᠢᠴᠠᠭᠠᠯᠲᠠ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号