ᠣᠷᠴᠢᠨ ᠳᠣᠭᠤᠷᠢᠨ ᠤ ᠴᠡᠪᠡᠷᠯᠡᠭᠴᠢ ᠮᠣᠳᠣᠨ ᠤ ᠨᠠᠪᠴᠢ ᠴᠡᠪᠡᠷᠯᠡᠵᠦ ᠶᠠᠭᠠᠷᠠᠯᠳᠣᠨ᠎ᠠ
ᠨᠡᠶᠢᠲᠡᠯᠡᠭᠰᠡᠨ ᠴᠠᠭ᠄
2023/10/24
  ᠬᠡᠳᠦᠨ ᠡᠳᠦᠷ ᠤᠨ ᠳᠣᠷᠰᠢ᠂ ᠠᠭᠠᠷ ᠤᠨ ᠳᠤᠯᠠᠭᠠᠨ ᠲᠠᠰᠤᠷᠠᠯᠲᠠ ᠦᠭᠡᠢ ᠪᠠᠭᠤᠷᠠᠵᠤ᠂ ᠮᠠᠨ ᠤ ᠬᠤᠲᠠ ᠶᠢᠨ ᠵᠠᠮ ᠤᠨ ᠬᠤᠶᠠᠷ ᠬᠠᠵᠠᠭᠤ ᠶᠢᠨ ᠮᠣᠳᠣᠨ ᠨᠠᠪᠴᠢᠰ ᠬᠤᠶᠢᠨ᠎ᠠ ᠬᠤᠶᠢᠨ᠎ᠠ ᠠᠴᠠ ᠪᠠᠨ ᠣᠨᠠᠵᠦ᠂ ᠠᠯᠲᠠᠨ ᠰᠢᠷᠭᠠᠯ ᠨᠠᠪᠴᠢ ᠨᠢ ᠨᠠᠮᠤᠷ ᠤᠨ ᠤᠯᠠᠷᠢᠯ ᠳᠤ ᠭᠤᠶᠣ ᠲᠥᠷᠥᠭᠳᠡᠯ ᠪᠠ ᠰᠢᠯᠦᠭ ᠤᠨ ᠰᠠᠨᠠᠭ᠎ᠠ ᠶᠢ ᠠᠪᠴᠢᠷᠡᠨ᠎ᠡ᠃ ᠣᠷᠴᠢᠨ ᠲᠣᠭᠤᠷᠢᠨ ᠤ  ᠴᠡᠪᠡᠷᠯᠡᠭᠴᠢ ᠶᠢᠨ ᠠᠵᠢᠯᠴᠢᠳ ᠤᠨ ᠵᠢᠯ ᠳᠤ ᠨᠢᠭᠡ ᠤᠳᠠᠭ᠎ᠠ ᠶᠠᠪᠤᠭᠳᠠᠳᠠᠭ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠴᠤ ᠡᠭᠦᠨ ᠤ ᠳᠠᠭᠠᠤ ᠡᠬᠢᠯᠡᠪᠡ᠃  
  ᠣᠷᠴᠢᠨ ᠲᠣᠭᠤᠷᠢᠨ ᠤ  ᠴᠡᠪᠡᠷᠯᠡᠭᠴᠢᠳ ᠲᠤ ᠠᠪᠴᠤ ᠬᠡᠯᠡᠪᠡᠯ᠂ ᠵᠢᠯ ᠪᠦᠷᠢ ᠶᠢᠨ 10 ᠰᠠᠷ᠎ᠠ ᠶᠢᠨ ᠡᠬᠢ ᠠᠴᠠ 11 ᠰᠠᠷ᠎ᠠ ᠶᠢᠨ ᠡᠬᠢ ᠪᠣᠯᠲᠠᠯᠠᠬᠢ ᠡᠨᠡ ᠨᠢᠭᠡ ᠰᠠᠷ᠎ᠠ ᠶᠢᠨ ᠬᠤᠭᠤᠴᠠᠭ᠎ᠠ ᠪᠣᠯ ᠴᠥᠮ ᠬᠦᠴᠦᠨ ᠢᠶᠠᠨ ᠲᠥᠪᠯᠡᠷᠡᠭᠦᠯᠦᠨ ᠨᠠᠪᠴᠢ ᠴᠡᠪᠡᠷᠯᠡᠨ ᠠᠷᠢᠯᠭᠠᠬᠤ ᠪᠣᠭᠤᠮᠲᠠ ᠰᠢᠪᠲᠤᠯᠬᠤ ᠱᠠᠲᠤ ᠪᠣᠯᠤᠨ᠎ᠠ᠃ ᠡᠳᠦᠷ ᠪᠦᠷᠢ ᠬᠤᠲᠠ ᠶᠢᠨ ᠵᠠᠮ ᠳᠡᠭᠡᠷ᠎ᠡ᠂ ᠥᠩᠭᠡ ᠢᠯᠭᠠᠷᠠᠮ᠎ᠠ ᠮᠣᠳᠣᠨ ᠤ ᠨᠠᠪᠴᠢ ᠶᠢ ᠣᠯᠵᠤ ᠬᠠᠷᠠᠨ᠎ᠠ᠃
     ᠬᠤᠲᠠ ᠶᠢᠨ ᠾᠦᠢ ᠹᠧᠩ ᠴᠢᠩ ᠰᠢᠤᠸᠠᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠬᠤᠲᠠ ᠶᠢᠨ ᠳᠦᠷᠢ ᠲᠥᠷᠬᠦ ᠴᠡᠪᠡᠷ ᠲᠡᠭᠰᠢ ᠪᠠᠶᠢᠬᠤ ᠬᠠᠷᠠᠯᠲᠠ ᠡᠭᠦᠷᠭᠡ ᠶᠢᠨ ᠲᠣᠭᠤᠷᠢᠨ ᠳᠤ᠂ ᠣᠷᠣᠨ ᠪᠦᠰᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠥᠮᠦᠨ ᠵᠢᠴᠢ ᠠᠵᠢᠯᠯᠠᠬᠤ ᠲᠡᠷᠭᠡ ᠬᠥᠰᠬᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ︽ᠬᠥᠮᠦᠨ ᠤ ᠬᠦᠴᠦᠨ ᠤ ᠮᠠᠰᠢᠨ︾ ᠤ ᠠᠵᠢᠯᠯᠠᠬᠤ ᠵᠠᠭᠪᠤᠷ ᠢ ᠬᠡᠷᠡᠭᠵᠢᠭᠦᠯᠵᠦ᠂ ᠣᠨᠠᠭᠰᠠᠨ ᠨᠠᠪᠴᠢ ᠬᠠᠷᠢᠴᠠᠩᠭᠤᠶ ᠪᠠᠷ ᠲᠥᠪᠯᠡᠷᠡᠭᠰᠡᠨ ᠵᠠᠮ ᠤᠨ ᠬᠡᠰᠡᠭ ᠢ ᠭᠤᠤᠯᠳᠠᠯᠭ᠎ᠠ ᠲᠠᠢ ᠴᠡᠪᠡᠷᠯᠡᠵᠦ᠂ ᠴᠡᠪᠡᠷᠯᠡᠬᠦ ᠤᠳᠠᠭ᠎ᠠ ᠶᠢ ᠨᠡᠮᠡᠭᠳᠡᠭᠦᠯᠦᠨ᠂ ᠨᠠᠪᠴᠢ ᠵᠤᠯᠭᠠᠷᠠᠬᠤ ᠴᠡᠪᠡᠷᠯᠡᠨ ᠠᠷᠢᠯᠭᠠᠬᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠨᠠᠮᠤᠷ ᠤᠨ ᠤᠯᠠᠷᠢᠯ ᠤᠨ ᠨᠠᠪᠴᠢ ᠵᠤᠯᠭᠠᠷᠠᠬᠤ ᠴᠡᠪᠡᠷᠯᠡᠨ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃    
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号