【 ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠤᠷ ᠳᠦᠪᠰᠢᠨ ᠬᠥᠭᠵᠢᠯᠲᠡ ᠶᠢ ᠠᠬᠢᠭᠤᠯᠤᠶ᠎ᠠ 】 ᠯᠦ ᠪᠦᠦ ᠳ᠋ᠦᠩ ᠪᠦᠯᠬᠦᠮ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/10/24
  10 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠦ ᠪᠦᠦ ᠳ᠋ᠦᠩ ᠪᠦᠯᠬᠦᠮ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠵᠦ᠂ ᠬᠤᠳᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ᠂ ᠵᠠᠩ ᠶᠦᠩ ᡁᠢ ᠣᠷᠣᠯᠴᠠᠪᠠ᠃    ᠯᠦ ᠪᠦᠦ ᠳ᠋ᠦᠩ ᠨᠠᠷ ᠯᠦᠩ ᠶᠤᠸᠠᠨ ᠪᠠᠭᠤᠳᠠᠯ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠷᠠᠯᠢᠭ ᠤᠨ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠶᠢᠨ ᠶᠧ ᠬᠤᠳᠠᠯᠳᠤᠭᠠᠨ ᠤ ᠬᠤᠳᠠ᠂ ᠧᠦ ᠯᠢᠶᠠᠨ ᠪᠠᠭᠤᠳᠠᠯ᠂ ᠬᠤᠩ ᠲᠠᠢ ᠶᠠᠩ ᠬᠡᠢ ᠨᠡᠮᠡᠬᠦ ᠦᠷᠳᠡᠭᠡ᠂ ᠶᠢᠩ ᠹᠧᠢ ᠳ᠋ᠢ ᠺᠧ ᠤᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠺᠣᠮᠫᠠᠨᠢ᠂ ᠠᠪᠤᠷᠭᠤ ᠭᠦᠷᠪᠡᠯ ᠤᠨ ᠠᠭᠤᠳᠠᠮ ᠲᠠᠯᠠᠪᠠᠢ ᠶᠢᠨ ᠪᠣᠬᠢᠷ ᠤᠰᠤᠨ ᠤ ᠬᠥᠭᠡᠷᠭᠡ ᠶᠢᠨ ᠦᠷᠳᠡᠭᠡ᠂ ᠮᠠᠰᠢᠨ ᠲᠡᠷᠭᠡᠨ ᠤ ᠦᠷᠳᠡᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠪᠠᠷᠢᠯᠭ᠎ᠠ ᠶᠢᠨ ᠠᠵᠢᠯ᠂ ᠬᠢᠵᠠᠭᠠᠷᠲᠤ ᠣᠷᠣᠨ ᠵᠠᠢ᠂ ᠵᠠᠮ ᠬᠠᠷᠢᠯᠴᠠᠭᠠᠨ ᠤ ᠠᠮᠤᠷ ᠲᠦᠪᠰᠢᠨ ᠵᠢᠴᠢ ᠰᠢᠲᠠᠮᠠᠬᠠᠢ ᠬᠡᠢ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠳᠡᠯ ᠤᠨ ᠠᠮᠠᠷᠬᠠᠨ ᠡᠭᠦᠰᠬᠦ ᠤᠯᠠᠨ ᠡᠭᠦᠰᠬᠦ ᠵᠠᠩᠭᠢᠯᠠᠭ᠎ᠠ ᠶᠢᠨ ᠬᠡᠰᠡᠭ ᠲᠤ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠳᠤ ᠱᠠᠭᠠᠷᠳᠠᠯᠭ᠎ᠠ ᠳᠤᠷᠠᠳᠴᠠᠢ᠃    ᠯᠦ ᠪᠣᠣ ᠳ᠋ᠦᠩ᠂ ᠠᠶᠤᠯᠭᠦᠢ ᠦᠢᠯᠡᠳᠪᠦᠷᠢᠯᠡᠯ ᠨᠢ ᠡᠯ᠎ᠡ ᠠᠵᠢᠯ ᠲᠦᠷᠦᠯ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠂ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠨᠢ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ︽ᠴᠠᠭ ᠢᠮᠠᠭᠲᠠ ᠰᠠᠷᠠᠮᠵᠢ ᠲᠠᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠶ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠵᠤ᠂ ᠨᠠᠷᠢᠨ ᠨᠢᠮᠪᠠᠶ ᠠᠳᠬᠤᠵᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ᠂ ᠵᠠᠮ ᠬᠠᠷᠢᠯᠴᠠᠭ᠎ᠠ᠂ ᠬᠢᠵᠠᠭᠠᠷ ᠲᠠᠢ ᠣᠷᠣᠨ ᠵᠠᠶ᠂ ᠬᠤᠳᠠᠯᠳᠤᠭᠠᠨ ᠤ ᠴᠢᠯᠦᠭᠡᠳᠦ ᠳᠡᠯᠭᠡᠭᠦᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠠᠰᠠᠭᠤᠳᠠᠯ ᠤᠨ ᠳᠠᠯᠳᠠ ᠬᠡᠮ ᠢ ᠣᠨᠣᠪᠴᠢᠲᠠᠶ ᠡᠷᠢᠵᠦ᠂ ᠨᠠᠷᠢᠨ ᠲᠠᠩᠰᠠ ᠶᠢᠨ ᠡᠬᠡ ᠲᠠᠩᠰᠠ ᠶᠢ ᠰᠠᠶᠢᠲᠤᠷ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠪᠣᠳᠠᠲᠠᠶ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠭᠤᠭᠴᠤᠭ᠎ᠠ ᠨᠢᠭᠡᠪᠦᠷᠢ᠂ ᠠᠵᠢᠯ ᠤᠨ ᠬᠡᠰᠡᠭ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠳᠤ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ᠂ ᠬᠠᠮᠢᠶᠠᠷᠤᠯᠲᠠ ᠶᠢᠨ ᠨᠠᠷᠢᠨ ᠵᠦᠢᠯᠡᠰ ᠢ ᠲᠡᠭᠦᠯᠳᠡᠷᠵᠢᠭᠦᠯᠬᠦ ᠳᠡᠭᠡᠷ᠎ᠡ ᠬᠦᠴᠦ ᠲᠠᠯᠪᠢᠵᠤ᠂ ᠲᠦᠭᠰᠢᠭᠦᠷᠢ ᠶᠢ ᠰᠡᠷᠭᠡᠶᠢᠯᠡᠬᠦ᠂ ᠠᠵᠢᠯᠲᠠᠨ ᠢ ᠪᠣᠯᠪᠠᠰᠤᠷᠠᠭᠤᠯᠬᠤ᠂ ᠡᠳᠦᠷ ᠲᠤᠲᠤᠮ ᠤᠨ ᠪᠠᠶᠢᠴᠠᠭᠠᠯᠲᠠ ᠬᠢᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠳᠦᠷᠢᠮ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠦ ᠵᠢᠭᠠᠪᠣᠷᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号