ᠠᠬᠢᠴᠠ ᠶᠢᠨ ᠦᠷ᠎ᠡ ᠪᠦᠲᠦᠮᠵᠢ ᠶᠢ ᠠᠰᠠᠭᠤᠨ᠎ᠠ︕ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2023/10/24
  10 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠮᠠᠨ ᠤ ᠬᠤᠲᠠ ᠶᠢᠨ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠱᠣ᠋ ᠮᠢᠩ᠂ ᠮᠠ ᠰᠣ᠋ ᠬᠤᠸᠠ ᠂ ᠳ᠋ᠦᠩ ᠵᠢᠶᠧ ᠹᠧᠩ᠂ ᠸᠠᠩ ᠵᠢᠩ ᠣᠷᠣᠯᠴᠠᠵᠠᠶ᠃
   ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠨᠡᠭᠦᠯᠭᠡᠬᠦ᠂ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ᠂ ᠬᠤᠳᠠ ᠶᠢᠨ ᠰᠢᠨᠡᠳᠬᠡᠨ ᠥᠭᠡᠷᠡᠴᠢᠯᠡᠬᠦ ᠢᠨᠵᠧᠨᠧᠷᠢᠩ᠂ ᠵᠢᠶᠧ ᠰᠧᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠴᠢᠨᠠᠷᠲᠠᠢ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠬᠦᠷᠢᠶᠡᠯᠡᠩ ᠲᠣᠭᠤᠷᠢᠭ᠂ ᠢ ᠲᠦᠸᠧ ᠹᠦ᠋ ᠶᠤᠸᠠᠨ ᠵᠠᠰᠠᠮᠠᠯ ᠵᠠᠮ ᠤᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠬᠦᠷᠢᠶᠡᠯᠡᠩ ᠲᠣᠭᠤᠷᠢᠭ ᠵᠡᠷᠭᠡ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ ᠶᠢ ᠦᠵᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠣᠨᠣᠰᠴᠤ᠂ ᠪᠣᠭᠤᠮᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠬᠤ᠂ ᠲᠦᠷᠦᠯ ᠵᠦᠢᠯ ᠤᠨ ᠠᠬᠢᠴᠠ ᠶᠢ ᠲᠦᠷᠭᠡᠳᠬᠡᠬᠦ᠂ ᠲᠦᠷᠦᠯ ᠵᠦᠢᠯ ᠤᠨ ᠶᠠᠰᠤ ᠴᠢᠨᠠᠷ ᠦᠷ᠎ᠡ ᠠᠰᠢᠭ ᠢ ᠪᠠᠲᠤᠯᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃
   ᠬᠦᠷᠦᠭᠰᠡᠨ ᠭᠠᠵᠠᠷ ᠪᠣᠯᠭᠠᠨ ᠳᠤ᠂ ᠨᠢᠭᠡ ᠦᠢᠯᠡᠳᠪᠦᠷᠢ ᠶᠢᠨ ᠲᠠᠰᠤᠭ ᠰᠦᠨᠳᠡᠷᠯᠡᠨ ᠪᠣᠰᠴᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠣᠯᠠᠨ ᠡᠵᠡᠩᠨᠡᠯᠲᠡ ᠶᠢᠨ ᠬᠡᠯᠪᠡᠷᠢ᠂ ᠣᠯᠠᠨ ᠬᠦᠷᠢᠶᠡᠨ ᠤ ᠲᠥᠷᠥᠯ ᠵᠦᠢᠯ ᠤᠨ ᠪᠠᠶᠢᠷᠢᠰᠢᠭᠤᠯᠤᠯᠲᠠ ᠶᠠᠭ ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃    ᠰᠢᠨᠵᠢᠯᠡᠨ ᠪᠠᠶᠢᠴᠠᠭᠠᠬᠤ ᠳᠤᠮᠳᠠ᠂ ᠲᠥᠯᠥᠭᠡᠯᠡᠭᠴᠢᠳ ᠡᠨᠡ ᠵᠢᠯ ᠤᠨ ᠮᠠᠨ ᠤ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ᠂ ᠣᠳᠣᠬᠠᠨ ᠳᠤ ᠶᠠᠭ ᠢᠨᠵᠧᠨᠧᠷᠢᠩ ᠤᠨ ᠲᠥᠷᠥᠯ ᠵᠦᠢᠯ ᠤᠨ ᠰᠡᠭᠦᠯ ᠬᠤᠷᠢᠶᠠᠬᠤ ᠰᠢᠪᠲᠤᠯᠤᠯᠲᠠ ᠶᠢᠨ ᠱᠠᠲᠤᠨ ᠳᠤ ᠣᠷᠣᠭᠠᠳ ᠪᠠᠶᠢᠨ᠎ᠠ᠂ ᠡᠯ᠎ᠡ ᠲᠥᠷᠥᠯ ᠵᠦᠢᠯ ᠤᠨ ᠪᠠᠷᠢᠯᠭ᠎ᠠ ᠶᠢᠨ ᠨᠢᠭᠡᠴᠡ ᠠᠬᠢᠴᠠ ᠪᠠᠨ ᠲᠦᠷᠭᠡᠳᠬᠡᠵᠦ᠂ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠵᠤ᠂ ᠪᠣᠳᠠᠲᠤ ᠶᠠᠪᠤᠳᠠᠯ ᠢ ᠰᠠᠶᠢᠨ ᠶᠠᠪᠤᠳᠠᠯ ᠪᠣᠯᠭᠠᠵᠤ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号