ᠤᠷᠴᠢᠭᠤᠯᠤᠠᠠᠴᠢ᠄ ᠪᠦᠷᠢᠩᠭᠤᠸ᠎ᠠ | ᠤᠳᠤᠷᠢᠳᠬᠠᠯ᠄ | 10 ᠰᠠᠷ᠎ᠠ ᠶᠢᠨ 6 ᠤ ᠡᠳᠦᠷ᠂ 253 ᠠᠴᠢᠶᠠᠨ` ᠤ ᠮᠠᠰᠢᠨ ᠤ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠭᠰᠠᠨ ᠤ ᠳᠠᠷᠠᠭ᠎ᠠ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠢᠶᠠᠷ | ᠤᠷᠤᠭᠰᠢᠲᠠᠢ ᠪᠣᠭᠤᠮᠲᠠ ᠦᠩᠭᠡᠷᠡᠵᠠᠢ ᠃ | | ᠲᠠᠶᠢᠯᠪᠦᠷᠢ ᠄ | ᠡᠷᠢᠶᠡᠨ ᠬᠢᠯᠢ ᠶᠢᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠨᠠᠢᠮᠠᠨ ᠰᠠᠷ᠎ᠠ ᠶᠢᠨ ᠠᠷᠪᠠᠨ | ᠲᠠᠪᠤᠨ ᠤ ᠪᠠᠶᠠᠷ ᠪᠤᠯᠤᠨ ᠤᠯᠤᠰ ᠤᠨ ᠪᠠᠶᠠᠷ ᠤᠨ ᠬᠤᠭᠤᠴᠠᠭᠠᠨ ᠳᠤ ᠡᠷᠢᠶᠡᠨ ᠬᠢᠯᠢ ᠶᠢᠨ ᠪᠣᠭᠤᠮᠲᠠ ᠶᠢᠨ ᠬᠢᠨᠠᠨ | ᠬᠠᠮᠢᠶᠠᠷᠴᠤ ᠬᠢᠯᠢ ᠪᠠᠷ ᠦᠩᠭᠡᠷᠡᠭᠰᠡᠨ ᠲᠡᠷᠭᠡ ᠤᠨᠤᠭ᠎ᠠ1151 ᠤᠳᠠᠭ᠎ᠠ ᠳᠤ ᠬᠦᠷᠴᠦ ᠂ ᠡᠭᠦᠨ ᠳᠤ ᠬᠢᠯᠢ ᠪᠠᠷ | ᠤᠷᠤᠠᠠᠰᠡᠨ ᠲᠡᠷᠭᠡ 1045 ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 27.0%᠂ | 22.7% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ | ᠲᠡᠭᠡᠭᠡᠪᠦᠷᠢ ᠶᠢᠨ ᠬᠡᠮᠵᠢᠶᠡᠨ ᠤ ᠲᠡᠦᠬᠡᠨ ᠰᠢᠨ᠎ᠡ ᠲᠡᠮᠳᠡᠭᠯᠡᠯ ᠢ ᠡᠭᠦᠳᠴᠠᠢ ᠃ | ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠲᠤᠮᠤ ᠬᠠᠭᠤᠷᠠᠢ ᠵᠠᠮ ᠤᠨ ᠪᠣᠭᠤᠮᠲᠠ ᠪᠠᠶᠢᠵᠤ᠂ | ᠳᠤᠮᠳᠠᠳᠤ ᠮᠣᠩᠭᠤᠯ ᠤᠨ ᠠᠷᠠᠯᠵᠢᠶᠠᠨ ᠤ 70% ᠠᠴᠠ ᠳᠡᠭᠡᠭᠰᠢᠬᠢ ᠡᠳᠦᠷ ᠲᠤᠲᠤᠮ ᠤᠨ ᠠᠮᠢᠳᠤᠷᠠᠯ ᠤᠨ | ᠬᠡᠷᠡᠭᠰᠡᠯ ᠤᠨ ᠬᠠᠭᠤᠷᠠᠢ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠳᠠᠭ᠃ ︽ᠬᠤᠣᠰ ᠪᠠᠶᠠᠷ︾ ᠤᠨ | ᠬᠤᠭᠤᠴᠠᠭᠠᠨ ᠳᠤ᠂ ᠪᠣᠭᠤᠮᠲᠠ ᠶᠢᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠂ ᠬᠤᠯᠪᠤᠭᠠᠯᠠᠨ ᠪᠠᠶᠢᠴᠠᠭᠠᠵᠤ | ᠬᠤᠯᠪᠤᠭᠠᠯᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠨᠠᠷᠢᠯᠢᠭ ᠣᠨᠣᠴᠠᠲᠠᠢ ᠪᠠᠷ | ᠲᠣᠬᠢᠷᠠᠭᠤᠯᠬᠤ ᠪᠠ ᠴᠠᠭ ᠲᠤᠬᠠᠢ ᠳᠤᠨᠢ ᠬᠢᠨᠠᠨ ᠬᠡᠮᠵᠢᠬᠦ ᠪᠠᠷ ᠳᠡᠮᠵᠢᠨ᠂ ᠪᠠᠷᠠᠭᠠᠨ ᠤ ᠪᠣᠭᠤᠮᠲᠠ ᠪᠠᠷ ᠥᠩᠭᠡᠷᠡᠬᠦ | ᠵᠠᠭᠪᠤᠷ ᠤᠨ ᠲᠣᠬᠢᠷᠠᠭᠤᠯᠤᠯᠲᠠ ᠶᠢ ᠤᠷᠤᠭᠰᠢᠲᠠᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶᠡᠨ ᠤ ᠲᠣᠭᠲᠠᠭᠤᠨ ᠢᠶᠠᠷ ᠳᠡᠭᠡᠭᠰᠢᠯᠡᠬᠦ ᠶᠢ ᠪᠠᠳᠤᠯᠠᠵᠠᠢ ᠃ | | |