ᠣᠯᠠᠨ ᠲᠦᠮᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠳᠡᠭᠡᠭᠰᠡᠨ
ᠨᠡᠶᠢᠲᠡᠯᠡᠭᠰᠡᠨ ᠴᠠᠭ᠄
2023/10/24
ᠤᠷᠴᠢᠭᠤᠯᠤᠠᠠᠴᠢ᠄   ᠪᠦᠷᠢᠩᠭᠤᠸ᠎ᠠ ᠤᠳᠤᠷᠢᠳᠬᠠᠯ᠄           ᠨᠢᠳᠦᠨ ᠤ  ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠵᠤ  ᠂ ᠣᠯᠠᠨ  ᠳᠤ ︽ᠭᠡᠷ ᠤᠨ ᠡᠭᠦᠳᠡᠨ  ᠳᠤᠨᠢ︾ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠬᠦ ᠶᠢᠨ ᠲᠥᠯᠥᠭᠡ  ᠂ 10 ᠰᠠᠷ᠎ᠠ ᠶᠢᠨ 13 ᠤ ᠡᠳᠦᠷ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ  ᠪᠡᠭᠡᠵᠢᠩ ᠤᠨ ᠨᠢᠳᠦᠨ ᠤ ᠰᠠᠯᠠᠭᠠᠨ ᠤ ᠲᠤᠰᠬᠠᠢ ᠮᠡᠷᠭᠡᠵᠢᠯᠲᠡᠨ ᠢ  ᠤᠷᠢᠵᠤ  ᠤᠨᠤᠰᠢᠯᠡᠭᠡ  ᠬᠢᠯᠭᠡᠵᠠᠢ᠃ ᠲᠠᠶᠢᠯᠪᠦᠷᠢ᠄           ᠡᠨᠡ ᠵᠢᠯ 92 ᠨᠠᠰᠤᠲᠠᠢ ᠼᠤᠤ ᠵᠢᠢ ᠨᠠᠰᠤᠲᠠᠨ ᠴᠠᠭᠠᠨ ᠬᠠᠷᠠᠩ ᠡᠪᠡᠳᠴᠢᠨ ᠳᠤ ᠨᠡᠷᠪᠡᠭᠳᠡᠭᠡᠳ ᠤᠯᠠᠨ ᠵᠢᠯ ᠪᠤᠯᠵᠦ᠂  ᠨᠠᠰᠤ ᠠᠬᠢᠭᠰᠠᠨ  ᠲᠡᠭᠡᠷ᠎ᠡ  ᠤᠯᠠᠨ ᠵᠦᠢᠯ ᠤᠨ  ᠬᠠᠭᠤᠴᠢᠨ ᠡᠪᠡᠳᠴᠢᠨ ᠲᠠᠢ  ᠲᠤᠯᠠ  ᠭᠠᠳᠠᠭᠰᠢ ᠭᠠᠷᠴᠤ  ᠡᠮᠨᠡᠭᠦᠯᠬᠦ ᠳᠤ ᠵᠠᠷᠤᠳᠠᠯ  ᠶᠡᠭᠡ ᠪᠣᠯᠬᠤᠷ ᠨᠠᠰᠤᠲᠠᠨ  ᠨᠢᠳᠦᠨ ᠤ ᠡᠪᠡᠳᠴᠢᠨ  ᠢᠶᠠᠨ ᠵᠠᠰᠠᠵᠤ ᠳᠡᠶᠢᠯᠦᠭᠰᠡᠨ ᠦᠭᠡᠢ  ᠪᠠᠶᠢᠪᠠ᠃   ᠣᠳᠣ᠂ ︽ᠭᠡᠷ ᠤᠨ ᠡᠭᠦᠳᠡᠨ ᠳᠤ︾ ᠡᠪᠡᠳᠴᠢᠨ ᠦᠵᠡᠭᠦᠯᠬᠦ ᠱᠠᠭᠠᠷᠳᠠᠯᠭ᠎ᠠ ᠶᠢ ᠪᠡᠶᠡᠯᠡᠭᠦᠯᠬᠦ ᠳᠤ ᠨᠠᠰᠤᠲᠠᠨ ᠪᠠᠶᠠᠷᠲᠠᠢ ᠪᠠᠷ  ᠂ ᠡᠨᠡ   ᠨᠢ ᠦᠨᠡᠬᠡᠷ  ᠪᠠᠶᠠᠷᠲᠤ ᠶᠠᠪᠤᠳᠠᠯ ᠮᠥᠨ ᠭᠡᠵᠦ ᠬᠡᠯᠡᠵᠦ ᠪᠠᠶᠢᠪᠠ  ᠃       ᠪᠡᠭᠡᠵᠢᠩ ᠤᠨ ᠴᠥᠮ᠎ᠡ ᠶᠢᠨ ᠠᠵᠤ ᠦᠢᠯᠡᠳᠪᠦᠷᠢ ᠶᠢᠨ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠳᠡᠳ᠋ ᠡᠷᠬᠢᠯᠡᠭᠴᠢ ᠵᠠᠩ ᠵᠢᠶᠠ ᠨᠠᠨ᠄           ᠡᠷᠢᠶᠡᠨ ᠬᠤᠲᠠ ᠥᠨᠳᠦᠷᠯᠢᠭ ᠲᠤ ᠪᠠᠶᠢᠷᠢᠯᠠᠵᠤ᠂  ᠬᠡᠷᠡᠯ ᠤᠨ ᠲᠤᠰᠤᠯᠲᠠ ᠴᠢᠩᠭ᠎ᠠ᠂  ᠬᠠᠷᠢᠴᠠᠩᠭᠤᠢ ᠪᠠᠷ  ᠴᠠᠭᠠᠨ ᠬᠠᠷᠠᠩ ᠨᠡᠯᠢᠶᠡᠳ ᠣᠯᠠᠨ ᠡᠭᠦᠰᠳᠡᠭ  ᠂ ᠡᠪᠡᠳᠴᠢᠯᠡᠭᠰᠡᠨ ᠤ ᠳᠠᠷᠠᠭ᠎ᠠ ᠮᠠᠰᠢ ᠣᠯᠠᠨ ᠨᠠᠰᠤᠲᠠᠶᠢᠴᠤᠳ ᠮᠡᠰᠡ ᠵᠠᠰᠠᠯ ᠤᠨ ᠠᠶᠤᠯ ᠲᠦᠭᠰᠢᠭᠦᠷᠢ ᠠᠴᠠ ᠪᠣᠯᠭᠤᠮᠵᠢᠯᠠᠳᠠᠭ᠃ ᠦᠨᠡᠨ ᠳᠡᠭᠡᠨ ᠣᠳᠣᠬᠠᠨ ᠳᠤ ᠮᠡᠰᠡ ᠵᠠᠰᠠᠯ ᠤᠨ ᠬᠥᠭᠵᠢᠯᠲᠡ ᠮᠠᠰᠢ ᠳᠠᠪᠰᠢᠩᠭᠤᠢ ᠪᠣᠯᠵᠠᠢ᠂ ᠡᠩ ᠤᠨ ᠴᠠᠭᠠᠨ ᠬᠠᠷᠠᠩ ᠤᠨ ᠮᠡᠰᠡ ᠵᠠᠰᠠᠯ ᠢ ᠭᠤᠷᠪᠠ ᠠᠴᠠ ᠲᠠᠪᠤᠨ ᠮᠢᠨᠦ᠋ᠲ ᠴᠠᠭ ᠬᠡᠷᠡᠭᠰᠡᠵᠦ᠂ ᠳᠠᠷᠠᠭ᠎ᠠ ᠡᠳᠦᠷ ᠨᠢ  ᠪᠤᠭᠤᠯᠳᠡ ᠪᠠᠨ ᠠᠪᠴᠤ  ᠶᠠᠭᠤᠮ᠎ᠠ ᠦᠵᠡᠵᠦ ᠪᠣᠯᠣᠨ᠎ᠠ  ᠃ ᠤᠯᠠᠨ ᠢᠶᠠᠷ ᠢᠶᠠᠨ ᠲᠣᠭᠲᠠᠭᠰᠠᠨ ᠬᠤᠭᠤᠴᠠᠭ᠎ᠠ ᠲᠠᠢ ᠪᠠᠷ ᠨᠢᠳᠦᠨ ᠤ ᠰᠠᠯᠠᠭᠠᠨ ᠤ ᠪᠠᠶᠢᠴᠠᠭᠠᠯᠲᠠ ᠬᠢᠵᠦ᠂ ᠡᠷᠲᠡ ᠰᠡᠷᠡᠵᠦ ᠡᠷᠲᠡ ᠡᠮᠨᠡᠨ ᠵᠠᠰᠠᠬᠤ ᠶᠢ  ᠡᠷᠬᠢᠮᠯᠡᠭᠡᠷᠠᠢ  ᠃      ᠣᠶᠢᠯᠠᠭᠠᠭᠰᠠᠨ ᠢᠶᠠᠷ᠂ ᠲᠣᠰ ᠤᠳᠠᠭ᠎ᠠ ᠨᠡᠶᠢᠲᠡ 23 ᠨᠢᠳᠦᠨ ᠤ ᠡᠪᠡᠳᠴᠢᠲᠡᠨ ︽ᠭᠡᠷ ᠤᠨ ᠡᠭᠦᠳᠡᠨ ᠳᠤ︾ ᠲᠤᠰᠬᠠᠢ ᠮᠡᠷᠭᠡᠵᠢᠯᠲᠡᠨ ᠤ ᠲᠠᠰ ᠤᠨ ᠡᠮᠴᠢᠯᠡᠭᠡᠨ ᠤ ᠦᠢᠯᠡᠴᠢᠯᠡᠭᠡ ᠶᠢ  ᠬᠦᠷᠳᠡᠵᠠᠢ᠃          ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ  ᠶᠢᠨ ᠲᠥᠯᠥᠭᠡ᠂ ᠣᠶᠢᠷ᠎ᠠ ᠶᠢᠨ ᠵᠢᠯ  ᠲᠤ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠡᠷᠢᠭᠦᠨ ᠤ ᠭᠠᠵᠠᠷ ᠣᠷᠣᠨ ᠯᠤᠭ᠎ᠠ ᠶᠢᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ  ᠴᠢᠩᠭᠠᠳᠬᠠᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠲᠠᠰ ᠬᠤᠪᠢᠶᠠᠨ ᠣᠨᠣᠰᠢᠯᠠᠨ ᠡᠮᠨᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠮᠠᠨ ᠤ ᠬᠤᠲᠠ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠤ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ  ᠠᠰᠠᠭᠤᠳᠠᠯ ᠢ  ᠪᠠᠭᠠᠰᠬᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号