ᠮᠠᠨ ᠤ ᠬᠤᠲᠠ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 74 ᠵᠢᠯ ᠤᠨ ᠣᠶ ᠶᠢᠨ ᠭᠤᠣᠯ ᠰᠡᠳᠦᠪᠲᠦ  ᠠᠵᠢᠯᠯᠠᠭ᠎ᠠ ᠵᠢᠴᠢ ᠰᠢᠨ᠎ᠡ  ᠭᠡᠰᠢᠭᠦᠳ ᠡᠯᠰᠡᠬᠦ  ᠶᠣᠰᠣᠯᠠᠯ  ᠶᠠᠪᠤᠠᠠᠳᠠᠭᠤᠯᠤᠠᠠᠰᠡᠨ
ᠨᠡᠶᠢᠲᠡᠯᠡᠭᠰᠡᠨ ᠴᠠᠭ᠄
2023/10/24
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        ᠡᠨᠡ ᠵᠢᠯ ᠤᠨ 10 ᠰᠠᠷ᠎ᠠ ᠶᠢᠨ 13  ᠤ ᠡᠳᠦᠷ ᠪᠣᠯ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 74 ᠵᠢᠯ ᠤᠨ ᠤᠢ ᠪᠣᠯᠣᠨ᠎ᠠ᠃ ᠲᠤᠬᠠᠢ ᠶᠢᠨ ᠡᠳᠦᠷ᠂ ᠮᠠᠨ ᠤ ᠬᠤᠲᠠ ᠤᠯᠤᠰ ᠤᠨ ᠡᠭᠦᠳᠡᠨ ᠳᠠᠬᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 74 ᠵᠢᠯ ᠤᠨ ᠣᠶ ᠶᠢᠨ ᠭᠤᠣᠯ ᠰᠡᠳᠦᠪᠲᠦ  ᠠᠵᠢᠯᠯᠠᠭ᠎ᠠ ᠵᠢᠴᠢ ᠰᠢᠨ᠎ᠡ ᠭᠡᠰᠢᠭᠦᠳ ᠡᠯᠰᠡᠬᠦ ᠶᠣᠰᠣᠯᠠᠯ ᠶᠠᠪᠤᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠳᠤ  ᠬᠦᠴᠦᠨ ᠨᠡᠮᠡᠷᠢᠯᠡᠪᠡ᠃ᠲᠠᠶᠢᠯᠪᠦᠷᠢ᠄        ᠪᠦᠬᠦ ᠭᠡᠰᠢᠭᠦᠳ  ᠤᠨ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ︾ ᠶᠢᠨ  ᠨᠠᠶᠢᠷᠠᠯ ᠲᠠᠭᠤᠨ ᠤ ᠳᠤᠮᠳᠠ᠂ ᠭᠤᠣᠯ ᠰᠡᠳᠦᠪᠲᠦ ᠠᠩᠭᠢ ᠶᠢᠨ ᠡᠳᠦᠷ ᠤᠨ ᠠᠵᠢᠯᠯᠠᠭ᠎ᠠ ᠬᠥᠰᠢᠭᠡ ᠪᠠᠨ ᠰᠡᠬᠦᠪᠡ᠃         ᠲᠤᠰ ᠠᠵᠢᠯᠯᠠᠭ᠎ᠠ ᠳᠤ 2023 ᠣᠨ ᠤ ᠰᠢᠨ᠎ᠡ  ᠭᠡᠰᠢᠭᠦᠳ ᠤᠨ ᠨᠡᠷᠡᠰ ᠢ  ᠨᠡᠶᠢᠳᠡᠯᠡᠵᠦ᠂ ᠰᠢᠯᠢᠳᠡᠭ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠪᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠲᠥᠯᠥᠭᠡᠯᠡᠭᠴᠢ  ᠨᠡᠶᠢᠳᠡ 389 ᠰᠢᠨ᠎ᠡ ᠭᠡᠰᠢᠭᠦᠨ ᠳᠤ ᠤᠯᠠᠭᠠᠨ ᠪᠦᠴᠡ ᠵᠡᠭᠦᠯᠭᠡᠭᠰᠡᠨ ᠤ ᠬᠠᠮᠲᠤ ᠢᠷᠠᠭᠤ ᠠᠯᠳᠠᠷ ᠪᠠ ᠡᠭᠦᠷᠭᠡ ᠬᠠᠷᠢᠭᠤᠴᠠᠯᠭ᠎ᠠ ᠪᠠᠨ ᠰᠢᠨ᠎ᠡ ᠭᠡᠰᠢᠭᠦᠨ ᠳᠤ ᠳᠠᠮᠵᠢᠭᠤᠯᠵᠠᠢ᠃        ᠳᠠᠷᠠᠭ᠎ᠠ ᠳᠤᠨᠢ᠂  ᠭᠡᠰᠢᠭᠦᠳ ᠪᠠᠷᠠᠭᠤᠨ ᠨᠢᠳᠤᠷᠭ᠎ᠠ ᠪᠠᠨ ᠵᠠᠩᠭᠢᠳᠤᠨ ᠠᠩᠭᠢ ᠶᠢᠨ ᠶᠣᠰᠣ ᠬᠢᠵᠦ᠂ ᠤᠯᠤᠰ ᠤᠨ ᠡᠭᠦᠳᠡᠨ ᠤ ᠳᠣᠣᠷ᠎ᠠ᠂ ᠠᠩᠭᠢ ᠶᠢᠨ ᠲᠤᠭ ᠤᠨ ᠡᠮᠦᠨ᠎ᠡ ᠲᠠᠩᠭᠠᠷᠢᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠦᠷ ᠳᠠᠯᠠᠶᠢᠴᠠᠲᠠᠢ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠡᠷᠭᠦᠨ᠎ᠡ ᠭᠡᠵᠦ ᠲᠠᠩᠭᠠᠷᠢᠭᠯᠠᠪᠠ᠃        ᠲᠣᠰ ᠠᠵᠢᠯᠯᠠᠭ᠎ᠠ ᠳᠤ ᠪᠠᠰᠠ 2022 ︱ 2023 ᠰᠤᠷᠤᠯᠭ᠎ᠠ ᠶᠢᠨ ᠣᠨ ᠤ ᠰᠢᠯᠢ ᠶᠢᠨ ᠭᠤᠣᠯ ᠠᠶᠢᠮᠠᠭ ᠤᠨ ᠤᠯᠠᠭᠠᠨ ᠪᠦᠴᠡᠲᠡᠨ ᠤ ᠱᠠᠩᠨᠠᠯ ᠤᠨ ᠲᠡᠮᠳᠡᠭ ᠤᠨ ᠬᠤᠪᠢ ᠬᠥᠮᠥᠨ ᠤ ᠭᠤᠷᠪᠠᠨ ᠣᠳᠣᠨ ᠲᠡᠮᠳᠡᠭ᠂ ᠬᠠᠮᠲᠤ ᠶᠢᠨ ᠭᠤᠷᠪᠠᠨ ᠣᠳᠣᠨ ᠲᠡᠮᠳᠡᠭ᠂ ᠬᠤᠪᠢ ᠬᠥᠮᠥᠨ ᠤ ᠳᠥᠷᠪᠡᠨ ᠣᠳᠣᠨ ᠲᠡᠮᠳᠡᠭ᠂ ᠬᠠᠮᠲᠤ ᠶᠢᠨ ᠳᠥᠷᠪᠡᠨ ᠣᠳᠣᠨ ᠲᠡᠮᠳᠡᠭ ᠵᠢᠴᠢ ᠪᠥᠬᠦ ᠤᠯᠤᠰ ᠤᠨ ᠰᠢᠯᠢᠳᠡᠭ ᠤᠯᠠᠭᠠᠨ ᠪᠦᠴᠡᠲᠡᠨ ᠤ ᠳᠤᠮᠳᠠ ᠠᠩᠭᠢ ᠶᠢᠨ ᠱᠠᠩᠨᠠᠯ ᠢ ᠭᠠᠷᠳᠠᠭᠤᠯᠪᠠ᠃         ᠬᠤᠲᠠ ᠶᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠤᠪᠢ ᠬᠥᠮᠥᠨ ᠤ ᠭᠤᠷᠪᠠᠨ ᠣᠳᠣᠨ ᠲᠡᠮᠳᠡᠭ‌ᠣᠯᠣᠭᠰᠠᠨ ᠭᠦᠸᠧ  ᠮᠦᠸᠧ  ᠶᠠᠩ᠄       ᠤᠯᠠᠭᠠᠨ ᠪᠦᠴᠡᠲᠡᠨ ᠤ ᠭᠤᠷᠪᠠᠨ ᠣᠳᠣᠨ ᠲᠡᠮᠳᠡᠭ‌ᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠬᠤᠶᠢᠰᠢᠳᠠ ᠪᠢ ᠰᠠᠶᠢᠲᠤᠷ ᠰᠤᠷᠤᠯᠴᠠᠵᠤ᠂ ᠥᠪᠡᠷ ᠤᠨ ᠬᠦᠴᠦᠨ ᠴᠢᠳᠠᠯ  ᠢᠶᠠᠨ ᠡᠬᠡ ᠤᠯᠤᠰ ᠤᠨ ᠢᠶᠠᠨ ᠲᠥᠯᠥᠭᠡ ᠡᠷᠭᠦᠨ᠎ᠡ ᠭᠡᠵᠠᠢ᠃         ᠬᠠᠮᠤᠭ ᠰᠡᠬᠦᠯ ᠳᠤ᠂ ᠠᠬᠠᠮᠠᠳ ᠭᠡᠰᠢᠭᠦᠳ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ  ᠬᠠᠮᠲᠤ ᠪᠠᠷ ᠢᠶᠠᠨ᠄ ︽ᠡᠪ ᠬᠠᠮᠲᠤ ᠶᠢᠨ ᠦᠢᠯᠡᠰ ᠤᠨ ᠲᠥᠯᠥᠭᠡ ᠲᠡᠮᠡᠴᠡᠬᠦ ᠪᠠᠷ  ᠴᠢᠷᠮᠡᠶᠢᠨ᠎ᠡ︕  ᠴᠠᠭ ᠢᠮᠠᠭᠲᠠ  ᠪᠡᠯᠡᠬᠡᠨ︾ ᠭᠡᠵᠦ  ᠤᠷᠢᠶᠠᠯᠠᠵᠠᠢ᠃  ᠲᠦᠪ ᠬᠢᠴᠢᠶᠡᠩᠭᠦᠢ ᠲᠠᠩᠭᠠᠷᠢᠭ ᠨᠢ ᠪᠦᠬᠦ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠪᠠ ᠡᠷᠡᠰ ᠪᠠᠲᠤ ᠢᠲᠡᠭᠡᠯ ᠵᠣᠷᠢᠭ ᠢ ᠢᠯᠡᠳᠬᠡᠵᠡᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号