ᠤᠷᠴᠢᠭᠤᠯᠤᠠᠠᠴᠢ᠄ ᠪᠦᠷᠢᠩᠭᠤᠸ᠎ᠠ | ᠤᠳᠤᠷᠢᠳᠬᠠᠯ ᠄ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠬᠠᠮᠵᠢᠯᠴᠠᠬᠤ ᠴᠢᠳᠠᠪᠤᠷᠢ ᠶᠢ ᠪᠠᠲᠤᠳᠬᠠᠬᠤ ᠶᠢᠨ | ᠲᠥᠯᠥᠭᠡ᠂ 10 ᠰᠠᠷ᠎ᠠ ᠶᠢᠨ 12 ᠤᠨ ᠡᠳᠦᠷ᠂ ᠰᠠᠶᠢᠬᠤᠰᠤ ᠨᠢᠰᠬᠡᠯ ᠤᠨ ᠪᠠᠭᠤᠳᠠᠯ 2023 ᠣᠨ ᠤ ᠪᠠᠴᠢᠮ | ᠪᠠᠶᠢᠳᠠᠯ ᠢ ᠠᠷᠠᠭᠠᠴᠠᠭᠠᠨ ᠠᠪᠤᠷᠠᠨ ᠲᠤᠰᠠᠯᠠᠬᠤ ᠰᠣᠷᠢᠯᠲᠠ ᠦᠷᠨᠢᠬᠦᠯᠵᠦ ᠂ ᠬᠤᠲᠠ ᠶᠢᠨ ᠳᠡᠳ᠋ ᠳᠠᠷᠤᠭ᠎ᠠ ᠵᠠᠩ | ᠶᠦᠩ ᡁᠢ ᠲᠤᠬᠠᠢ ᠶᠢᠨ ᠲᠠᠯᠠᠪᠠᠶ ᠳᠤ ᠬᠦᠷᠴᠦ ᠵᠢᠭᠠᠨ ᠵᠢᠯᠦᠭᠤᠳᠴᠠᠢ ᠃ | ᠲᠠᠶᠢᠯᠪᠦᠷᠢ᠄ | ᠲᠤᠰ ᠤᠳᠠᠭᠠᠨ ᠤ ᠰᠣᠷᠢᠯᠲᠠ ᠳᠤ ᠡᠷᠢᠶᠡᠨ ᠬᠤᠳᠠ ᠳᠤ ᠬᠦᠷᠬᠦ ᠨᠢᠭᠡ ᠡᠭᠡᠯᠵᠢ ᠶᠢᠨ ᠨᠢᠰᠬᠡᠯ ᠂ ᠭᠠᠵᠠᠷ | ᠪᠠᠭᠤᠬᠤ ᠠᠴᠠ 15 ᠮᠢᠨᠦ᠋ᠲ ᠤᠨ ᠡᠮᠦᠨ᠎ᠡ᠂ ᠬᠠᠤᠯᠢ ᠪᠤᠰᠤ ᠬᠠᠷᠰᠢᠯᠠᠯ ᠳᠤ ᠤᠴᠠᠷᠠᠵᠤ᠂ ᠨᠢᠰᠭᠡᠯ ᠭᠠᠵᠠᠷ | ᠪᠠᠭᠤᠬᠤ ᠶᠠᠪᠤᠴᠠ ᠳᠤ ᠬᠦᠨᠳᠦ ᠶᠢᠨ ᠲᠥᠪ ᠢᠶᠠᠨ ᠬᠠᠵᠠᠶᠢᠯᠭᠠᠨ ᠭᠦᠶᠦᠯᠲᠡ ᠶᠢᠨ ᠵᠠᠮ ᠠᠴᠠ ᠭᠠᠷᠴᠤ᠂ ᠵᠡᠭᠦᠨ | ᠲᠠᠯ᠎ᠠ ᠶᠢᠨ ᠬᠥᠳᠡᠯᠭᠡᠭᠦᠷ ᠮᠠᠰᠢᠨ ᠭᠠᠯ ᠭᠠᠷᠤᠠᠠᠰᠡᠨ ᠢᠶᠠᠷ ᠵᠢᠱᠢᠵᠠᠢ ᠃ | ᠰᠣᠷᠢᠯᠲᠠ ᠳᠤ ᠣᠷᠣᠯᠴᠠᠭᠰᠠᠳ ᠮᠡᠳᠡᠭᠡ ᠵᠠᠩᠭᠢ ᠳᠠᠮᠵᠢᠭᠤᠯᠬᠤ᠂ ᠵᠠᠷᠯᠢᠭ ᠬᠦᠯᠢᠶᠡᠬᠦ᠂ ᠪᠠᠴᠢᠮ | ᠬᠥᠳᠡᠯᠦᠯᠴᠡᠬᠦ᠂ ᠣᠷᠣᠨ ᠨᠤᠲᠤᠭ ᠠᠴᠠ ᠲᠤᠰᠠᠯᠠᠮᠵᠢ ᠭᠤᠶᠤᠴᠢᠯᠠᠬᠤ᠂ ᠡᠮᠴᠢᠯᠡᠭᠡᠨ ᠤ ᠠᠪᠤᠷᠠᠯᠲᠠ ᠬᠢᠬᠦ᠂ | ᠰᠢᠷᠬᠠᠲᠤᠭᠰᠠᠳ ᠢ ᠰᠢᠯᠵᠢᠭᠦᠯᠦᠨ ᠵᠥᠭᠡᠭᠡᠪᠦᠷᠢᠯᠡᠬᠦ᠂ ᠳᠡᠯᠪᠡᠷᠡᠯᠲᠡ ᠶᠢ ᠪᠠᠶᠢᠴᠠᠭᠠᠬᠤ᠂ ᠪᠠᠶᠢᠴᠠᠭᠠᠵᠤ ᠭᠡᠷᠡᠴᠢ ᠠᠪᠬᠤ | ᠂ ᠡᠪᠳᠡᠷᠡᠵᠦ ᠰᠦᠢᠳᠦᠭᠰᠡᠨ ᠨᠢᠰᠭᠡᠯ ᠢ ᠨᠡᠭᠦᠯᠭᠡᠬᠦ᠂ ᠨᠢᠰᠦᠯᠳᠡ ᠶᠢ ᠰᠡᠷᠭᠦᠭᠡᠬᠦ ᠵᠡᠷᠭᠡ ᠠᠭᠤᠯᠭ᠎ᠠ ᠪᠠᠷ | ᠰᠣᠷᠢᠯᠲᠠ ᠥᠷᠨᠢᠭᠦᠯᠵᠡᠢ᠃ | ᠰᠣᠷᠢᠯᠲᠠ ᠶᠢᠨ ᠪᠦᠬᠦ᠋ᠢᠯᠡ ᠶᠠᠪᠤᠴᠠ ᠡᠮᠬᠢ ᠴᠡᠭᠴᠡ ᠲᠠᠢ ᠪᠠᠶᠢᠯ᠎ᠠ᠃ ᠰᠣᠷᠢᠯᠲᠠ ᠳᠤ ᠣᠷᠣᠯᠴᠠᠭᠰᠠᠨ | ᠬᠤᠯᠪᠣᠭᠳᠠᠯ ᠪᠦᠬᠦᠢ ᠪᠠᠶᠢᠭᠤᠯᠭ᠎ᠠ ᠶᠢᠨ ᠠᠵᠢᠯ ᠤᠨ ᠬᠤᠪᠢᠶᠠᠷᠢᠯᠠᠯ ᠲᠣᠳᠣᠷᠬᠠᠢ᠂ ᠬᠠᠮᠵᠢᠯᠴᠠᠭ᠎ᠠ ᠨᠢᠭᠲᠠ᠂ | ᠠᠵᠢᠯᠯᠠᠭ᠎ᠠ ᠲᠦᠷᠭᠡᠨ᠂ ᠤᠨᠤᠴᠢᠳᠠᠢ ᠪᠥᠭᠡᠳ ᠥᠨᠳᠥᠷ ᠪᠦᠲᠦᠮᠵᠢᠲᠡᠶ ᠪᠠᠶᠢᠵᠤ᠂ ᠡᠯ᠎ᠡ ᠠᠪᠤᠷᠠᠨ ᠲᠤᠰᠠᠯᠠᠬᠤ | ᠪᠠᠶᠢᠭᠤᠯᠭ᠎ᠠ ᠬᠠᠮᠵᠢᠯᠴᠠᠨ ᠬᠥᠳᠡᠯᠦᠯᠴᠡᠬᠦ ᠴᠢᠳᠠᠪᠤᠷᠢ ᠪᠠᠨ ᠭᠦᠢᠴᠡᠳ ᠢᠯᠡᠷᠡᠭᠦᠯᠵᠦ᠂ ᠨᠢᠰᠬᠡᠯ ᠤᠨ ᠪᠠᠭᠤᠳᠠᠯ ᠤᠨ | ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠬᠢᠷᠢ ᠲᠦᠪᠰᠢᠨ᠂ ᠭᠡᠨᠡᠳᠲᠡ ᠶᠢᠨ ᠠᠳᠡᠯ ᠢ | ᠰᠢᠢᠳᠪᠦᠷᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠴᠢᠳᠠᠪᠤᠷᠢ ᠶᠢ | ᠬᠠᠷᠠᠭᠤᠯᠵᠠᠢ᠃ | ᠰᠠᠶᠢᠬᠤᠰᠤ ᠨᠢᠰᠬᠡᠯ ᠤᠨ ᠪᠠᠭᠤᠳᠠᠯ ᠤᠨ ᠠᠮᠤᠷ ᠲᠦᠪᠰᠢᠨ ᠶᠠᠰᠤ ᠴᠢᠨᠠᠷ ᠤᠨ ᠬᠡᠯᠲᠡᠰ ᠤᠨ ᠳᠠᠭᠠᠭᠠᠮᠠᠯ | ᠷᠧᠨ ᠪᠢᠩ᠄ | ᠨᠢᠰᠬᠡᠯ ᠤᠨ ᠪᠠᠭᠤᠳᠠᠯ ᠤᠨ ᠺᠣᠮᠫᠠᠨᠢ ᠲᠣᠰ ᠤᠳᠠᠭᠠᠨ ᠤ ᠰᠣᠷᠢᠯᠲᠠ ᠪᠠᠷ ᠲᠣᠬᠢᠶᠠᠯ ᠪᠣᠯᠭᠠᠨ᠂ ᠪᠠᠴᠢᠮ | ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠡᠭᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠰᠬᠡᠯ ᠤᠨ | ᠪᠠᠭᠤᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠥᠨᠳᠥᠷ ᠬᠢᠷᠢ | ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ᠂ ᠪᠥᠬᠦ ᠬᠤᠲᠠ ᠶᠢᠨ ᠬᠥᠭᠵᠢᠯᠲᠡ ᠶᠢ | ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | | | | | |