【 ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠤᠷ ᠳᠦᠪᠰᠢᠨ ᠬᠥᠭᠵᠢᠯᠲᠡ ᠶᠢ ᠠᠬᠢᠭᠤᠯᠤᠶ᠎ᠠ 】 ᠸᠠᠩ ᠰᠠᠨ ᠱᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ
ᠨᠡᠶᠢᠲᠡᠯᠡᠭᠰᠡᠨ ᠴᠠᠭ᠄
2023/10/25
   10 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠶᠢᠨ ᠶᠧ ᠴᠠᠭ ᠦᠶ᠎ᠡ ᠶᠢᠨ ᠬᠤᠳᠠᠯᠳᠤᠭᠠᠨ ᠤ ᠲᠠᠯᠠᠪᠤᠷ᠂ ᠨᠠᠪᠴᠢᠨ ᠲᠠᠮᠠᠬᠢ ᠶᠢᠨ ᠺᠣᠮᠫᠠᠨᠢ ᠪᠣᠯᠤᠨ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠵᠠᠩ ᠯᠢ ᠴᠧᠩ ᠂ ᠯᠠᠢ ᠰᠢᠶᠠᠩ ᠬᠤᠸᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠲᠠ ᠶᠢᠨ ᠲᠠᠮᠠᠬᠢᠨ ᠤ ᠺᠣᠮᠫᠠᠨᠢ ᠶᠢᠨ ᠬᠠᠷᠢᠭᠤᠴᠠᠯᠭᠠᠲᠠᠨ ᠪᠠᠷ᠎ᠠ ᠪᠣᠯᠪᠠ᠃    
  ᠶᠢᠨ ᠶᠧ ᠴᠠᠭ ᠦᠶ᠎ᠡ ᠶᠢᠨ ᠬᠤᠳᠠᠯᠳᠤᠭᠠᠨ ᠤ ᠲᠠᠯᠠᠪᠤᠷ ᠲᠤ᠂ ᠸᠠᠩ ᠰᠠᠨ ᠱᠢ ᠭᠠᠯ ᠤᠨᠲᠠᠷᠠᠭᠠᠬᠤ ᠬᠥᠭᠡᠷᠭᠡ ᠶᠢᠨ ᠭᠡᠷ᠂ ᠭᠠᠯ ᠤᠨᠲᠠᠷᠠᠭᠠᠬᠤ ᠡᠵᠡᠮᠰᠢᠯ ᠤᠨ ᠲᠠᠰᠤᠭ ᠤᠨ ᠠᠵᠢᠯᠯᠠᠭᠠᠨ ᠪᠠ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠰᠠᠭᠠᠳ ᠦᠭᠡᠢ ᠨᠡᠪᠲᠡᠷᠡᠬᠦ ᠵᠡᠷᠭᠡ ᠪᠠᠶᠢᠳᠠᠯ ᠢ ᠪᠠᠶᠢᠴᠠᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠬᠥᠮᠦᠨ ᠪᠦᠬᠦᠨ ᠳᠤ  ᠨᠠᠶᠢᠳᠠᠪᠤᠷᠢᠵᠢᠭᠤᠯᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠤᠷᠢᠳᠴᠢᠯᠠᠨ ᠰᠡᠷᠡᠮᠵᠢᠯᠡᠭᠦᠯᠬᠦ ᠴᠢᠨᠠᠷᠲᠠᠢ ᠴᠤᠬᠤᠶᠢᠯᠲᠠ ᠶᠢᠨ ᠴᠢᠨᠠᠷᠲᠠᠢ ᠠᠮᠤᠷ ᠲᠦᠪᠰᠢᠨ ᠤ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠬᠢᠨᠠᠨ ᠬᠠᠷᠭᠤᠭᠤᠯᠵᠤ᠂ ᠡᠷᠲᠡ ᠮᠡᠳᠡᠭᠦᠯᠵᠦ᠂ ᠡᠷᠲᠡ ᠴᠡᠭᠴᠡᠯᠡᠨ ᠵᠠᠰᠠᠵᠤ᠂ ᠪᠦᠬᠦ ᠬᠤᠳᠠ ᠶᠢᠨ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    
   ᠬᠤᠲᠠ ᠶᠢᠨ ᠨᠠᠪᠴᠢᠨ ᠲᠠᠮᠠᠬᠢ ᠶᠢᠨ ᠺᠣᠮᠫᠠᠨᠢ ᠳᠤ᠂ ᠸᠠᠩ ᠰᠠᠨ ᠱᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠨᠠᠪᠴᠢᠨ ᠲᠠᠮᠠᠬᠢ ᠶᠢᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠵᠡᠷᠭᠡ ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠭᠠᠯ ᠤᠨᠲᠠᠷᠠᠭᠠᠬᠤ ᠰᠣᠷᠢᠯᠲᠠ ᠶᠢ ᠰᠠᠶᠢᠲᠤᠷ ᠵᠣᠬᠢᠶᠠᠨ ᠪᠠᠶᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃    
   ᠪᠠᠶᠢᠴᠠᠭᠠᠨ ᠰᠤᠳᠤᠯᠤᠯᠲᠠ ᠬᠢᠬᠦ ᠵᠠᠮ ᠳᠠᠭᠠᠨ᠂ ᠸᠠᠩ ᠰᠠᠨ ᠱᠢ ᠨᠠᠷ ᠪᠠᠰᠠ ᠬᠤᠳᠠ ᠶᠢᠨ ᠶᠠᠪᠤᠳᠠᠯ ᠤᠨ ᠬᠤᠭᠤᠯᠠᠢ ᠲᠣᠣᠷ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠶᠢ ᠲᠣᠬᠢᠶᠠᠯᠳᠤᠯ ᠢᠶᠠᠷ ᠪᠠᠶᠢᠴᠠᠭᠠᠵᠤ᠂ ᠬᠤᠳᠠ ᠶᠢᠨ ᠶᠠᠪᠤᠳᠠᠯ ᠤᠨ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠰᠡᠭᠦᠯ ᠬᠤᠷᠢᠶᠠᠬᠤ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠪᠠᠷᠢᠯᠭ᠎ᠠ ᠪᠠᠷᠢᠬᠤ ᠨᠢᠭᠡᠴᠡ᠂ ᠪᠠᠷᠢᠯᠭ᠎ᠠ ᠪᠠᠷᠢᠬᠤ ᠠᠵᠢᠯᠲᠠᠳ ᠢ ᠱᠠᠯᠠᠪᠳᠠᠭᠤᠯᠤᠨ ᠠᠵᠢᠯᠯᠠᠬᠤ ᠲᠦᠷᠢᠮ ᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠷᠢᠯᠭ᠎ᠠ ᠶᠢᠨ ᠠᠵᠢᠯ ᠤᠨ ᠬᠦᠷᠢᠶ᠎ᠡ ᠴᠠᠷᠠᠭ᠎ᠠ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠪᠠᠷᠢᠯᠭ᠎ᠠ ᠶᠢᠨ ᠭᠠᠵᠠᠷ ᠳᠠᠷᠠᠭᠠᠯᠠᠨ ᠪᠠᠶᠢᠴᠠᠭᠠᠵᠤ᠂ ᠣᠯᠵᠤ ᠮᠡᠳᠡᠭᠰᠡᠨ ᠳᠠᠯᠳᠠ ᠭᠡᠮ ᠢ ᠲᠤᠬᠠᠶ ᠶᠢᠨ ᠭᠠᠵᠠᠷ ᠲᠤᠨᠢ ᠠᠵᠢᠯᠯᠠᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠪᠠᠷᠢᠯᠭ᠎ᠠ ᠪᠠᠷᠢᠬᠤ ᠨᠢᠭᠡᠴᠡ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠬᠢᠵᠠᠭᠠᠷ ᠲᠠᠢ ᠪᠠᠷᠢᠯᠭ᠎ᠠ ᠪᠠᠷᠢᠬᠤ ᠬᠤᠭᠤᠴᠠᠭ᠎ᠠ ᠶᠢ ᠵᠦᠶ ᠵᠣᠬᠢᠰᠲᠠᠶ ᠲᠣᠬᠢᠷᠠᠭᠤᠯᠤᠨ ᠠᠰᠢᠭᠯᠠᠵᠤ᠂ ᠪᠠᠷᠢᠯᠭ᠎ᠠ ᠪᠠᠷᠢᠬᠤ ᠠᠮᠤᠷ ᠲᠦᠪᠰᠢᠨ ᠪᠠ ᠪᠠᠷᠢᠯᠭ᠎ᠠ ᠪᠠᠷᠢᠬᠤ ᠠᠬᠢᠴᠠ ︽ᠬᠤᠶᠠᠷ ᠢ ᠰᠠᠭᠠᠲᠠᠭᠠᠬᠤ ᠦᠭᠡᠢ︾ ᠶᠢ ᠪᠡᠶᠡᠯᠡᠭᠦᠯᠵᠦ᠂ ᠪᠦᠬᠦ ᠬᠤᠲᠠ ᠶᠢᠨ ᠪᠠᠷᠢᠯᠭ᠎ᠠ ᠪᠠᠷᠢᠬᠤ ᠬᠦᠷᠢᠶ᠎ᠡ ᠴᠠᠷᠠᠭ᠎ᠠ ᠶᠢᠨ ᠰᠡᠭᠦᠯ ᠬᠤᠷᠢᠶᠠᠬᠤ ᠱᠠᠲᠤᠨ ᠤ ᠲᠣᠭᠲᠠᠭᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号