2023 ᠣᠨ ᠳᠤ ᠡᠷᠢᠶᠡᠨ ᠬᠤᠲᠠ ᠶᠢᠨ ᠮᠣᠩᠭᠤᠯ ᠮᠣᠷᠢᠨ ᠤ ᠳᠤᠮᠳᠠᠳᠤ ᠮᠣᠩᠭᠤᠯ ᠣᠷᠣᠰ ᠤᠨ ᠮᠣᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/10/25
 
   10 ᠰᠠᠷ᠎ᠠ ᠶᠢᠨ 22 ᠤ ᠡᠳᠦᠷ᠂ 3 ᠰᠠᠷ᠎ᠠ ᠶᠢᠨ ᠬᠤᠭᠤᠴᠠᠭ᠎ᠠ ᠵᠠᠷᠤᠴᠠᠭᠤᠯᠵᠤ ᠪᠠᠶᠢᠭᠠᠳ ᠡᠷᠢᠶᠡᠨ ᠬᠤᠲᠠ ᠶᠢᠨ ᠮᠣᠩᠭᠤᠯ ᠮᠣᠷᠢ᠂ ᠳᠤᠮᠳᠠᠳᠤ ᠮᠣᠩᠭᠤᠯ ᠣᠷᠣᠰ ᠤᠨ ᠮᠣᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃    ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠬᠢᠨᠠᠭᠴᠢ ᠶᠢᠨ ᠵᠠᠷᠯᠢᠭ ᠪᠠᠭᠤᠬᠤ ᠲᠠᠢ ᠵᠡᠷᠭᠡ᠂ ᠮᠣᠷᠢᠴᠢᠳ ᠮᠣᠷᠢᠨ ᠲᠠᠰᠢᠭᠤᠷ ᠢᠶᠠᠨ ᠬᠤᠷᠦ᠋ᠢᠯᠠᠵᠤ᠂ ᠮᠣᠷᠢ ᠨᠢ ᠴᠢᠪᠬᠠᠳᠠᠰᠤ ᠠᠴᠠ ᠰᠠᠯᠤᠭᠰᠠᠨ ᠰᠤᠮᠤ ᠮᠡᠲᠦ ᠪᠠᠷ ᠡᠬᠢᠯᠡᠯᠲᠡ ᠶᠢᠨ ᠴᠡᠭ ᠢᠶᠠᠨ ᠭᠠᠷᠭᠠᠪᠠ᠃ ᠮᠣᠷᠢᠨ ᠤ ᠨᠢᠷᠤᠭᠤᠨ ᠳᠡᠭᠡᠷ᠎ᠡ ᠪᠡᠶ᠎ᠡ ᠪᠢᠯᠳᠠᠷ ᠢᠶᠠᠨ ᠬᠠᠩᠭᠢᠨᠠᠭᠤᠯᠵᠤ᠂ ᠤᠷ᠎ᠠ ᠠᠪᠢᠶᠠᠰ ᠢᠶᠠᠨ ᠭᠠᠶᠢᠬᠠᠭᠤᠯᠤᠨ᠂ ᠮᠣᠷᠢᠨ ᠨᠢᠷᠤᠭᠤᠨ ᠳᠡᠭᠡᠷᠡᠬᠢ ᠬᠤᠷᠳᠤᠴᠠ ᠪᠠ ᠤᠷᠮ᠎ᠠ ᠵᠣᠷᠢᠭ ᠢ ᠬᠦᠭᠵᠢᠭᠡᠨ᠎ᠡ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠤᠨ ᠤᠷᠤᠯᠳᠤᠭᠠᠨ ᠳᠤ ᠲᠣᠰ ᠲᠣᠰ 1000 ᠮᠧᠲᠷ᠂ 2000 ᠮᠧᠲᠷ᠂ 3600 ᠮᠧᠲᠷ᠂ 5400 ᠮᠧᠲᠷ᠂ 8000 ᠮᠧᠲᠷ᠂ 10000 ᠮᠧᠲᠷ ᠤᠨ ᠶᠡᠷᠦᠩᠬᠡᠶ ᠰᠢᠢᠳᠪᠦᠷᠢᠲᠦ ᠤᠷᠤᠯᠳᠤᠭᠠᠨ ᠤ ᠲᠦᠷᠦᠭᠦᠤ ᠭᠤᠷᠪᠠᠨ ᠨᠡᠷᠡᠰ ᠢ ᠰᠢᠯᠭᠠᠷᠠᠭᠤᠯᠪᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠪᠣᠭᠤᠮᠲᠠ ᠶᠢᠨ ᠬᠤᠲᠠ ᠶᠢᠨ ᠣᠨᠴᠠᠯᠢᠭ ᠢ ᠭᠦᠢᠴᠡᠳ ᠳᠡᠯᠭᠡᠨ ᠦᠵᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠣᠭᠤᠮᠲᠠ ᠶᠢᠨ ︽ᠪᠡᠶ᠎ᠡ ᠶᠢᠨ ᠲᠠᠮᠢᠷ︾ ᠤᠨ ᠡᠨᠧᠷᠭᠢ ᠶᠢ ᠪᠠᠳᠠᠷᠠᠭᠤᠯᠬᠤ ᠶᠢ ᠠᠬᠢᠭᠤᠯᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠡᠭᠦᠨ ᠤ ᠬᠠᠮᠲᠤ᠂ ᠡᠨᠡ ᠪᠣᠯ ᠪᠠᠰᠠ ᠴᠤ ᠮᠠᠨ ᠤ ᠬᠤᠲᠠ ᠶᠢᠨ ᠮᠣᠷᠢ ᠪᠠᠷ ᠵᠠᠭᠤᠴᠢ ᠪᠣᠯᠭᠠᠵᠤ᠂ ᠤᠷᠤᠯᠳᠤᠭᠠᠨ ᠢᠶᠠᠷ ᠬᠤᠯᠪᠣᠭᠠᠰᠤ ᠪᠣᠯᠭᠠᠵᠤ᠂ ᠠᠳᠤᠭᠤᠨ ᠤ ᠰᠣᠶᠣᠯ ᠢᠶᠠᠷ ᠬᠤᠯᠪᠣᠭᠠᠰᠤ ᠪᠣᠯᠭᠠᠵᠤ᠂ ᠠᠳᠤᠭᠤᠨ ᠤ ᠠᠵᠤ ᠦᠢᠯᠡᠰ ᠢᠶᠠᠷ ᠬᠥᠳᠡᠯᠭᠡᠬᠦ ᠬᠦᠴᠦᠨ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号