ᠭᠤᠸᠠᠩᠳᠦ᠋ᠩ ᠤᠨ ᠨᠦᠡᠭ ᠺᠧᠨ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠰᠢᠨᠵᠢᠯᠡᠨ ᠪᠠᠶᠢᠴᠠᠭᠠᠵᠤ ᠰᠠᠨᠠᠯ ᠢᠶᠠᠨ  ᠰᠣᠯᠢᠯᠴᠠᠠᠰᠡᠨ
ᠨᠡᠶᠢᠲᠡᠯᠡᠭᠰᠡᠨ ᠴᠠᠭ᠄
2023/10/26
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ  ᠄      10 ᠰᠠᠷ᠎ᠠ ᠶᠢᠨ 24 ᠤ ᠡᠳᠦᠷ᠂ ᠭᠤᠸᠠᠩᠳᠦ᠋ᠩ ᠤᠨ ᠨᠦᠡᠭ ᠺᠧᠨ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ  ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠡᠨᠡ ᠬᠤᠭᠤᠴᠠᠭᠠᠨ ᠳᠤ᠂ ᠮᠠᠨ ᠤ ᠬᠤᠲᠠ ᠰᠠᠭᠤᠳᠠᠯ ᠤᠨ ᠬᠤᠷᠠᠯ  ᠬᠤᠷᠠᠯᠳᠤᠭᠤᠯᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠳᠤ ᠤᠷᠤᠯᠴᠠᠵᠠᠢ  ᠃ ᠲᠠᠶᠢᠯᠪᠦᠷᠢ᠄        ᠰᠠᠭᠤᠳᠠᠯ ᠤᠨ ᠬᠤᠷᠠᠯ ᠲᠡᠭᠡᠷ᠎ᠡ᠂  ᠶᠠᠩ ᠶᠢᠨ ᠷᠦᠢ ᠮᠠᠨ ᠤ ᠬᠤᠳᠠ ᠶᠢᠨ ᠦᠨᠳᠦᠰᠦᠨ  ᠪᠠᠶᠢᠳᠠᠯ᠂ ᠠᠵᠤ ᠦᠢᠯᠡᠰ ᠤᠨ ᠬᠥᠭᠵᠢᠯᠲᠡ᠂ ᠪᠣᠭᠤᠮᠲᠠ ᠶᠢᠨ ᠠᠷᠠᠯᠵᠢᠶ᠎ᠠ ᠵᠡᠷᠭᠡ ᠲᠠᠯ᠎ᠠ ᠪᠠᠷ ᠰᠢᠨᠵᠢᠯᠡᠨ ᠪᠠᠶᠢᠴᠠᠭᠠᠬᠤ ᠪᠦᠯᠬᠦᠮ ᠤᠨ  ᠬᠢᠨ ᠳᠤ   ᠲᠠᠨᠢᠯᠴᠠᠭᠤᠯᠵᠦ ᠬᠡᠯᠡᠬᠦ ᠳᠡᠭᠡᠨ᠂ ᠡᠷᠢᠶᠡᠨ ᠬᠤᠳᠠ ᠪᠣᠯ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠡᠮᠦᠨ᠎ᠡ ᠹᠷᠣᠨᠲ ᠪᠠ ᠴᠣᠩᠬᠤ ᠪᠣᠯᠣᠨ᠎ᠠ᠂ ᠪᠣᠭᠤᠮᠲᠠ ᠶᠢᠨ ᠠᠷᠠᠯᠵᠢᠶᠠᠨ ᠤ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠲᠤᠰ  ᠤᠳᠠᠭᠠᠨ ᠤ ᠰᠢᠨᠵᠢᠯᠡᠨ ᠪᠠᠶᠢᠴᠠᠭᠠᠯᠲᠠ ᠰᠣᠯᠢᠯᠴᠠᠭ᠎ᠠ ᠪᠠᠷ ᠳᠠᠮᠵᠢᠨ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠬᠠᠮᠲᠤᠪᠠᠷ ᠪᠠᠶᠢᠭᠤᠯᠵᠤ᠂ ᠤᠯᠠᠨ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠬᠤᠣᠰ ᠴᠢᠭᠯᠡᠯ ᠢᠶᠠᠷ ᠡᠨᠧᠷᠭᠢ ᠣᠯᠭᠤᠬᠤ᠂  ᠬᠠᠮᠲᠤᠪᠠᠷ ᠬᠥᠭᠵᠢᠵᠦ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ  ᠭᠡᠵᠠᠢ᠃       ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ᠂ ᠣᠳᠣᠬᠠᠨ ᠳᠤ ᠪᠦᠯᠦᠭᠯᠡᠯ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠢᠯᠡᠰ ᠪᠣᠰᠬᠠᠵᠤ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠬᠦ ᠵᠡᠷᠭᠡ ᠠᠵᠢᠯ ᠢ ᠲᠥᠯᠥᠪᠵᠢᠭᠦᠯᠵᠦ ᠪᠤᠢ᠂ ᠲᠤᠰ  ᠤᠳᠠᠭᠠᠨ ᠤ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠢ ᠦᠨᠳᠦᠰᠦᠯᠡᠵᠦ  ᠡᠷᠢᠶᠡᠨ ᠬᠤᠳᠠ ᠲᠠᠢ ᠬᠠᠮᠲᠤᠷᠠᠯᠴᠠᠬᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠡᠷᠢᠯᠬᠢᠯᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ  ᠬᠦᠴᠦᠨ ᠨᠡᠮᠡᠷᠢᠯᠡᠨ᠎ᠡ ᠭᠡᠵᠠᠢ       ᠡᠨᠡ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ  ᠲᠤᠭᠤᠷᠢᠭ᠂   ᠶᠢᠩ ᠹᠸᠢ ᠳ᠋ᠢ ᠺᠧ ᠠᠮᠢᠳᠤ ᠬᠤᠨᠢ ᠶᠢ ᠭᠠᠳᠠᠭᠠᠳᠤ ᠠᠴᠠ ᠣᠷᠣᠭᠤᠯᠵᠤ ᠡᠳ᠋ᠰᠢᠭᠦᠯᠬᠦ ᠠᠵᠤ ᠠᠬᠤᠶᠢᠯᠠᠯ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ  ᠪᠦᠲᠦᠭᠡᠨ ᠪᠠᠶᠢᠭᠤᠯᠤᠯᠲᠠ᠂ ᠬᠢᠯᠢ ᠠᠯᠤᠰᠯᠠᠭᠰᠠᠨ ᠠᠷᠠᠯᠵᠢᠶᠠᠨ ᠤ ᠵᠠᠮ ᠤᠨ  ᠠᠵᠢᠯᠯᠠᠭ᠎ᠠ ᠵᠢᠴᠢ ᠣᠨᠴᠠᠯᠢᠭᠲᠤ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠤᠶᠢᠯᠭᠠᠵᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号