ᠠᠷᠪᠠᠨ ᠳᠦᠷᠪᠡᠨ ᠮᠤᠵᠢ ︵ᠤᠷᠤᠨ ᠬᠤᠳᠠ︶ ᠶᠢᠨ ᠪᠤᠭᠤᠮᠳᠠ ᠶᠢᠨ ᠤᠷᠤᠨ ᠪᠦᠰᠡ ᠶᠢᠨ ᠬᠠᠮᠳᠤᠷᠠᠯᠴᠠᠭᠠᠨ ᠤ ᠬᠠᠮᠳᠤᠷᠠᠭᠰᠠᠨ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠮᠠᠨ ᠤ ᠬᠤᠳᠠ ᠳᠤ ᠲᠤᠬᠠᠢ ᠶᠢᠨ ᠲᠠᠯᠠᠪᠠᠢ ᠳᠤ ᠤᠷᠤᠨ ᠪᠦᠰᠡ ᠶᠢᠨ ᠬᠠᠮᠳᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/10/26
   10 ᠰᠠᠷ᠎ᠠ ᠶᠢᠨ 24 ᠤ ᠡᠳᠦᠷ᠂ ᠠᠷᠪᠠᠨ ᠳᠦᠷᠪᠡᠨ ᠮᠤᠵᠢ ︵ᠥᠪᠡᠷᠲᠡᠭᠡᠨ ᠵᠠᠰᠠᠬᠤ ᠣᠷᠣᠨ ᠬᠤᠲᠠ︶ ᠶᠢᠨ ᠪᠣᠭᠤᠮᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠬᠠᠮᠲᠤᠷᠠᠭᠰᠠᠨ ᠬᠤᠷᠠᠯ ᠤᠨ ᠠᠩᠬᠠᠳᠤᠭᠠᠷ ᠬᠤᠷᠠᠯ ᠮᠠᠨ ᠤ ᠬᠤᠲᠠ ᠳᠤ ᠬᠤᠷᠠᠯᠳᠤᠪᠠ᠃ ᠠᠷᠪᠠᠨ ᠳᠦᠷᠪᠡᠨ ᠮᠤᠵᠢ ︵ᠣᠷᠣᠨ ᠬᠤᠲᠠ︶ ᠶᠢᠨ ᠬᠤᠳᠠᠯᠳᠤᠭᠠᠨ ᠤ ᠶᠠᠪᠤᠳᠠᠯ᠂ ᠪᠣᠭᠤᠮᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠥᠯᠥᠭᠡᠯᠡᠭᠴᠢ ᠮᠠᠨ ᠤ ᠬᠤᠲᠠ ᠳᠤ ᠴᠤᠭᠯᠠᠷᠠᠵᠤ᠂ ᠪᠣᠭᠤᠮᠲᠠ᠂ ᠭᠠᠷᠠᠮ᠂ ᠨᠡᠪᠲᠡᠷᠡᠬᠦ ᠵᠠᠮ᠂ ᠬᠦᠷᠢᠶᠡᠯᠡᠩ ᠲᠣᠭᠤᠷᠢᠭ ᠵᠡᠷᠭᠡ ᠨᠡᠭᠡᠭᠡᠯᠲᠡ ᠶᠢᠨ ᠠᠴᠢᠶᠠᠯᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠲᠣᠰ ᠤᠨ ᠣᠷᠣᠨ ᠪᠦᠰᠡ ᠶᠢᠨ ᠳᠠᠪᠠᠭᠤᠯᠢᠭ᠂ ᠨᠡᠭᠡᠭᠡᠯᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢᠨ ᠲᠣᠭᠤᠷᠢᠨ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠠᠷᠪᠠᠨ ᠳᠥᠷᠪᠡᠳᠦᠭᠡᠷ ᠮᠤᠵᠢ ︵ᠣᠷᠣᠨ ᠬᠤᠲᠠ︶ ᠶᠢᠨ ᠪᠣᠭᠤᠮᠲᠠ ᠶᠢᠨ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠶᠢᠨ ᠬᠠᠮᠲᠤᠷᠠᠯᠴᠠᠭᠠᠨ ᠤ ᠠᠵᠠ ᠲᠣᠬᠢᠶᠠᠯ ᠢ ᠬᠠᠮᠲᠤ ᠪᠠᠷ ᠰᠦᠪᠡᠭᠴᠢᠯᠡᠪᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃    ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ︽ᠨᠢᠭᠡ ᠪᠦᠰᠡ ᠨᠢᠭᠡ ᠵᠠᠮ︾ ᠪᠠ ︽ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ︵RCEP︶ ᠤᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠢᠳᠡᠪᠬᠢᠲᠡᠶ ᠠᠭᠤᠰᠤᠯᠴᠠᠵᠤ᠂ ᠪᠠᠷᠠᠭᠤᠨ ᠣᠷᠣᠨ ᠤ ᠡᠬᠡ ᠬᠠᠭᠤᠷᠠᠶ ᠲᠡᠯᠡᠶ ᠶᠢᠨ ᠰᠢᠨ᠎ᠡ ᠵᠠᠮ ᠵᠢᠴᠢ ᠵᠡᠭᠦᠨ ᠬᠤᠶᠢᠲᠤ ᠶᠢᠨ ᠲᠡᠯᠡᠶ ᠬᠠᠭᠤᠷᠠᠶ ᠵᠠᠮ ᠤᠨ ᠶᠡᠭᠡ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠶᠤᠮ᠃    ᠬᠤᠷᠠᠯ ᠳᠡᠭᠡᠷ᠎ᠡ᠂ ᠲᠢᠶᠠᠨᠵᠢᠨ ᠬᠤᠲᠠ᠂ ᠾᠧᠪᠸᠢ ᠮᠤᠵᠢ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠶᠦᠨᠨᠠᠨ ᠮᠤᠵᠢ᠂ ᠲᠥᠪᠡᠳ ᠤᠨ ᠥᠪᠡᠷᠲᠡᠭᠡᠨ ᠵᠠᠰᠠᠬᠤ ᠣᠷᠣᠨ᠂ ᠱᠠᠨᠰᠢ ᠮᠤᠵᠢ ᠵᠡᠷᠭᠡ ᠠᠷᠪᠠᠨ ᠳᠥᠷᠪᠡᠨ ᠮᠤᠵᠢ ︵ᠣᠷᠣᠨ ᠬᠤᠳᠠ︶ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ︽ᠪᠣᠭᠤᠮᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃    ᠬᠤᠷᠠᠯ ᠨᠢ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤ ᠪᠠᠷ ᠬᠥᠭᠵᠢᠬᠦ ᠵᠠᠷᠴᠢᠮ ᠢ ᠦᠨᠳᠦᠰᠦᠯᠡᠨ᠂ ᠪᠣᠭᠤᠮᠲᠠ ᠶᠢᠨ ᠠᠵᠢᠯ ᠢ ᠵᠣᠬᠢᠴᠠᠭᠤᠯᠬᠤ᠂ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ 11 ᠵᠦᠢᠯ ᠤᠨ ᠬᠠᠮᠲᠤᠷᠠᠯᠴᠠᠭᠠᠨ ᠤ ᠵᠦᠢᠯᠡᠰ ᠢ ᠳᠤᠷᠠᠳᠪᠠ᠃ ᠬᠠᠮᠲᠤᠷᠠᠯᠴᠠᠭ᠎ᠠ ᠪᠠᠷ ᠳᠠᠮᠵᠢᠭᠤᠯᠤᠨ᠂ ᠪᠣᠭᠤᠮᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠪᠠ ᠰᠢᠨ᠎ᠡ ᠶᠢ ᠡᠭᠦᠳᠴᠦ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠤᠨ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃    ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠤᠶᠤᠨᠲᠤ ᠪᠣᠭᠤᠮᠲᠠ ᠶᠢᠨ ᠬᠠᠮᠢᠶᠠᠷᠤᠯᠲᠠ ᠶᠢᠨ ᠲᠠᠪᠴᠠᠩ᠂ ᠬᠤᠸᠠᠨ ᠢᠦᠶ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠶᠢᠩ ᠹᠸᠢ ᠳ᠋ᠢ ᠺᠧ ᠬᠤᠨᠢ ᠶᠢ ᠭᠠᠳᠠᠭᠠᠳᠤ ᠠᠴᠠ ᠣᠷᠣᠭᠤᠯᠵᠤ ᠡᠳ᠋ᠰᠢᠭᠦᠯᠬᠦ ᠠᠵᠤ ᠠᠬᠤᠶᠢᠯᠠᠯ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠮᠠᠨ ᠤ ᠬᠤᠲᠠ ᠶᠢᠨ ᠪᠣᠭᠤᠮᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠥᠷᠨᠢᠭᠦᠯᠦᠭᠰᠡᠨ᠂ ᠪᠣᠭᠤᠮᠲᠠ ᠶᠢᠨ ᠤᠨᠴᠠᠯᠢᠬᠳᠤ ᠠᠵᠤ ᠦᠢᠯᠡᠰ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号