【 ᠬᠦᠴᠢᠷ ᠠᠰᠠᠭᠤᠳᠠᠯ ᠢ ᠰᠢᠢᠳᠪᠦᠷᠢᠯᠡᠨ ᠪᠣᠳᠠᠲᠤ ᠶᠠᠪᠤᠳᠠᠯ ᠬᠢᠭᠰᠡᠨ ᠵᠢᠱᠢᠶᠡᠴᠢ ᠶᠢᠨ ᠨᠡᠷᠡᠰ 】 ︽ᠳᠥᠭᠦᠮ ᠪᠤᠰᠢᠭᠤ︕︾ ᠭᠡᠵᠦ ᠮᠠᠨ ᠤ ᠬᠤᠲᠠ ᠠᠩᠬᠠᠳᠠᠭᠴᠢ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠠᠮᠵᠢᠯᠲᠠ ᠲᠠᠢ ᠬᠦᠢᠴᠡᠳᠭᠡᠪᠡ
ᠨᠡᠶᠢᠲᠡᠯᠡᠭᠰᠡᠨ ᠴᠠᠭ᠄
2023/10/27
   ᠣᠶᠢᠷ᠎ᠠ ᠳᠤ᠂ ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠥᠪ ᠠᠩᠬᠠᠳᠠᠭᠴᠢ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠠᠩᠰᠠᠯᠠᠬᠤ ᠲᠤᠬᠠᠶᠢᠯᠠᠭᠰᠠᠨ ᠠᠵᠢᠯ ᠢ ᠠᠮᠵᠢᠯᠲᠠ ᠲᠠᠢ ᠳᠠᠭᠤᠰᠬᠠᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠣᠨᠳᠣᠤ ᠭᠠᠵᠠᠷ ᠲᠤ ᠭᠤᠶᠤᠴᠢᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠷᠠᠳ ᠣᠯᠠᠨ ᠤ ᠰᠠᠶᠢᠨ ᠶᠠᠪᠤᠳᠠᠯ ᠢ ᠪᠣᠳᠠᠲᠤ ᠠᠬᠤᠶ ᠪᠣᠯᠭᠠᠪᠠ᠃
  ᠭᠤᠶᠤᠴᠢᠯᠠᠭᠴᠢ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠤᠨ᠂ ᠮᠠᠨ ᠤ ᠬᠤᠲᠠ ᠳᠤ ᠪᠠᠶᠢᠭ᠎ᠠ ᠭᠠᠷ ᠳᠠᠮᠵᠢᠭᠰᠠᠨ ᠣᠷᠣᠨ ᠰᠠᠭᠤᠴᠠ ᠶᠢ ᠰᠢᠯᠵᠢᠭᠦᠯᠦᠨ ᠳᠠᠩᠰᠠᠯᠠᠬᠤ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠪᠡ᠃    ᠤᠴᠢᠷ ᠶᠠᠪᠤᠳᠠᠯ ᠰᠢᠢᠳᠪᠤᠷᠢᠯᠡᠵᠤ ᠪᠠᠶᠢᠭ᠎ᠠ ᠣᠯᠠᠨ ᠲᠦᠮᠡᠨ ᠤ ᠬᠡᠷ ᠬᠥᠷᠥᠩᠭᠡ ᠨᠢ ᠡᠷᠢᠶᠡᠨ ᠬᠤᠲᠠ ᠳᠤ ᠪᠠᠶᠢᠵᠤ᠂ ᠰᠠᠭᠤᠭ᠎ᠠ ᠭᠠᠵᠠᠷ ᠨᠢ ᠬᠢᠩᠭᠠᠨ ᠠᠶᠢᠮᠠᠭ ᠲᠤ ᠪᠠᠶᠢᠵᠤ᠂ ᠬᠤᠶᠠᠷ ᠭᠠᠵᠠᠷ ᠤᠨ ᠵᠠᠶ ᠨᠢ ᠨᠡᠯᠢᠶᠡᠳ ᠬᠤᠯᠠ ᠪᠠᠶᠢᠵᠤ᠂ ᠲᠣᠰ ᠬᠥᠮᠦᠨ ᠨᠢ ᠮᠠᠨ ᠤ ᠬᠤᠲᠠ ᠳᠤ ᠢᠷᠡᠵᠦ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠥᠬᠦᠮ ᠥᠬᠡᠶ ᠪᠠᠶᠢᠨ᠎ᠠ᠃ ᠭᠤᠶᠤᠴᠢᠯᠠᠭᠴᠢ ᠶᠢᠨ ᠪᠣᠳᠠᠲᠠᠶ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠠᠵᠢᠯᠲᠠᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠠᠢ ᠢᠳᠡᠪᠬᠢᠲᠡᠶ ᠪᠠᠷ ᠬᠠᠷᠢᠯᠴᠠᠵᠤ᠂ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠢ ᠵᠥᠪᠳᠡᠯᠴᠡᠨ ᠡᠬᠢᠯᠡᠭᠦᠯᠵᠦ᠂ ᠥᠨᠳᠥᠷ ᠪᠦᠲᠦᠮᠵᠢᠲᠡᠶ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ᠣᠬᠤᠷᠬᠠᠨ 2 ᠴᠠᠭ ᠪᠣᠯ ᠳᠠᠷᠤᠶ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠤᠷᠤᠭᠰᠢᠲᠠᠶ ᠭᠦᠢᠴᠡᠳᠭᠡᠬᠦ ᠶᠢᠨ ᠬᠠᠮᠲᠤ ᠭᠤᠶᠤᠴᠢᠯᠠᠭᠴᠢ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠣᠯᠭᠤᠪᠠ᠃ ᠡᠨᠡ ᠪᠣᠯ ᠮᠠᠨ ᠤ ᠬᠤᠲᠠ ᠶᠢᠨ ᠠᠮᠵᠢᠯᠲᠠ ᠲᠠᠢ ᠪᠠᠷ ᠭᠦᠢᠴᠡᠳᠬᠡᠭᠰᠡᠨ ᠠᠩᠬᠠᠳᠠᠭᠴᠢ ᠦᠯᠡᠳᠡᠭᠡᠯ ᠣᠷᠣᠨ ᠰᠠᠭᠤᠴᠠ ᠶᠢᠨ ᠰᠢᠯᠵᠢᠯᠲᠡ ᠶᠢᠨ ᠳᠠᠩᠰᠠᠯᠠᠯ ᠤᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ︾ ᠲᠤᠬᠠᠶᠢᠯᠠᠭᠰᠠᠨ ᠠᠵᠢᠯ ᠪᠣᠯᠤᠨ᠎ᠠ᠃    ᠣᠶᠢᠯᠠᠭᠠᠭᠰᠠᠨ ᠢᠶᠠᠷ᠂ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠨᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠬᠠᠷᠢᠶ᠎ᠠ ᠭᠠᠵᠠᠷ ᠤᠨ ᠬᠦᠢᠴᠡᠳᠬᠡᠬᠦ ᠬᠤᠷᠢᠭ᠎ᠠ ᠴᠠᠷᠠᠭ᠎ᠠ ᠶᠢ ᠡᠪᠳᠡᠵᠦ᠂ ᠣᠶᠢᠷ᠎ᠠ ᠬᠠᠪᠢ ᠳᠠᠭᠠᠨ ᠲᠥᠬᠦᠮ ᠦᠵᠡᠭᠦᠯᠬᠦ᠂ ᠬᠢᠨᠠᠭᠳᠠᠬᠤ ᠶᠢ ᠰᠠᠯᠭᠠᠬᠤ᠂ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠶᠣᠰᠣᠭᠠᠷ᠂ ᠭᠤᠶᠤᠴᠢᠯᠠᠭᠴᠢ ᠠᠴᠠ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ᠂ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠬᠠᠷᠢᠶ᠎ᠠ ᠭᠠᠵᠠᠷ ᠲᠤᠨᠢ ᠬᠢᠨᠠᠨ ᠬᠠᠷᠭᠤᠭᠤᠯᠬᠤ᠂ ᠳᠡᠩᠰᠡᠯᠡᠬᠦ᠂ ᠦᠨᠡᠮᠯᠡᠯ ᠣᠯᠭᠤᠬᠤ ᠶᠢ ᠪᠡᠶᠡᠯᠡᠭᠦᠯᠵᠦ᠂ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠭᠡᠬᠦ ᠳᠤ ᠣᠷᠣᠰᠢᠵᠤ ᠪᠠᠶᠢᠭ᠎ᠠ ᠣᠯᠠᠨ ᠭᠠᠵᠠᠷ ᠲᠤ ᠭᠦᠶᠦᠬᠦ᠂ ᠨᠠᠰᠢ ᠴᠠᠰᠢ ᠶᠠᠪᠤᠬᠤ ᠵᠡᠷᠭᠡ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠵᠢᠯ ᠶᠠᠪᠤᠳᠠᠯ ᠭᠦᠢᠴᠡᠳᠭᠡᠬᠦ ᠴᠠᠭ ᠢ ᠶᠡᠭᠡ ᠪᠠᠷ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠠᠷᠪᠢᠯᠠᠵᠤ᠂ ᠣᠯᠠᠨ ᠲᠦᠮᠡᠨ ᠤ ᠪᠡᠶᠡᠴᠢᠯᠡᠨ ᠣᠶᠢᠯᠠᠭᠠᠬᠤ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃    ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠳᠡᠳ᠋ ᠡᠷᠬᠢᠯᠡᠭᠴᠢ ᠰᠥᠸᠧ ᠯᠢ ᠶᠠ ᠬᠡᠯᠡᠬᠦ ᠳᠡᠭᠡᠨ᠄ ︽ᠮᠠᠨ ᠤ ᠲᠥᠪ ᠠᠴᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︿ᠣᠷᠣᠨ ᠠᠯᠤᠰᠯᠠᠨ ᠨᠡᠶᠢᠳᠡᠮ ᠭᠦᠢᠴᠡᠳᠭᠡᠬᠦ﹀ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠤᠨ ︿ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ﹀ ᠶᠢ ᠳᠥᠯᠭᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠳᠡᠯᠭᠡᠷᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠴᠠ ᠪᠣᠯᠤᠭᠰᠠᠨ ᠲᠥᠬᠦᠮ ᠪᠠ ᠥᠨᠳᠥᠷ ᠪᠦᠲᠦᠮᠵᠢᠲᠡᠶ ᠡᠳ᠋ᠯᠡᠭᠦᠯᠦᠨ᠎ᠡ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号