ᠥᠪᠥᠷ ᠮᠣᠩᠭᠤᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠰᠢᠯᠢ ᠶᠢᠨ ᠭᠤᠣᠯ ᠠᠶᠢᠮᠠᠭ ᠤᠨ ᠰᠠᠭᠤᠳᠠᠯ ᠤᠨ ᠬᠤᠷᠠᠯ ᠮᠠᠨ ᠤ ᠬᠤᠲᠠ ᠳᠤ  ᠬᠤᠷᠠᠯᠳᠤᠠᠠᠰᠡᠨ
ᠨᠡᠶᠢᠲᠡᠯᠡᠭᠰᠡᠨ ᠴᠠᠭ᠄
2023/10/27
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        10 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠰᠢᠯᠢ ᠶᠢᠨ ᠭᠤᠣᠯ ᠠᠶᠢᠮᠠᠭ ᠤᠨ ᠰᠠᠭᠤᠳᠠᠯ ᠤᠨ ᠬᠤᠷᠠᠯ ᠮᠠᠨ ᠤ ᠬᠤᠲᠠ ᠳᠤ ᠬᠤᠷᠠᠯᠳᠤᠪᠠ᠃ ᠥᠪᠥᠷ ᠮᠣᠩᠭᠤᠯ ᠤᠨ ᠤᠳᠬ᠎ᠠ ᠤᠷᠠᠯᠢᠭ ᠤᠨ  ᠬᠤᠯᠪᠤᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠲᠡᠷᠢᠭᠦᠯᠡᠭᠴᠢ ᠶᠠᠨ ᠶᠠᠨ᠂ ᠰᠢᠯᠢ ᠶᠢᠨ ᠭᠤᠣᠯ ᠠᠶᠢᠮᠠᠭ ᠤᠨ ᠤᠳᠬ᠎ᠠ ᠤᠷᠠᠯᠢᠭ ᠤᠨ  ᠬᠤᠯᠪᠤᠭᠠᠨ ᠤ  ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠠᠩ ᠰᠢᠶᠠ ᠰᠠᠭᠤᠳᠠᠯ ᠤᠨ ᠬᠤᠷᠠᠯ ᠳᠤ  ᠣᠷᠣᠯᠴᠠᠪᠠ᠃ᠲᠠᠶᠢᠯᠪᠦᠷᠢ᠄         ᠬᠤᠷᠠᠯ ᠳᠡᠭᠡᠷ᠎ᠡ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠤᠳᠬ᠎ᠠ ᠤᠷᠠᠯᠢᠭ ᠤᠨ ᠬᠤᠯᠪᠤᠭᠠᠨ ᠤ  ᠬᠠᠷᠢᠭᠤᠴᠠᠯᠭᠠᠲᠠᠨ᠂ ᠵᠣᠬᠢᠶᠠᠭᠴᠢ ᠶᠢᠨ ᠲᠥᠯᠥᠭᠡᠯᠡᠭᠴᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠣᠳᠣᠨ ᠪᠦᠲᠦᠭᠡᠯ ᠵᠢᠴᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠵᠡᠷᠭᠡ ᠲᠠᠯ᠎ᠠ ᠶᠢᠨ ᠲᠣᠭᠤᠷᠢᠨ ᠳᠤ᠂ ᠲᠣᠰ ᠪᠡᠶ᠎ᠡ ᠶᠢᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠬᠡᠷᠬᠢᠨ ᠰᠠᠶᠢᠲᠤᠷ ᠬᠢᠬᠦ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃           ᠶᠠᠨ ᠶᠠᠨ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠤ  ᠬᠡᠯᠡᠬᠦ ᠳᠡᠭᠡᠨ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠢ  ᠬᠢᠬᠦ ᠳᠤ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠵᠡᠷᠭᠡ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠮᠢᠳᠤᠷᠠᠯ ᠳᠤ ᠰᠠᠭᠤᠷᠢᠯᠠᠵᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠢᠯᠢ ᠶᠢᠨ ᠭᠤᠣᠯ ᠠᠶᠢᠮᠠᠭ ᠤᠨ ᠰᠢᠯᠢᠳᠡᠭ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂  ᠴᠠᠭ ᠦᠶ᠎ᠡ ᠶᠢᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠰᠢᠯᠢ ᠶᠢᠨ ᠭᠤᠣᠯ ᠠᠶᠢᠮᠠᠭ ᠤᠨ ᠦᠯᠢᠭᠡᠷ ᠢ ᠰᠠᠶᠢᠲᠤᠷ ᠶᠠᠷᠢᠵᠤ᠂ ᠰᠢᠯᠢ ᠶᠢᠨ ᠭᠤᠣᠯ ᠠᠶᠢᠮᠠᠭ ᠤᠨ ᠳᠦᠷᠢ ᠲᠥᠷᠬᠦ ᠶᠢ  ᠬᠠᠷᠠᠭᠤᠯᠵᠦ  ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂  ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾   ᠢ  ᠨᠠᠶᠢᠳᠠᠪᠤᠷᠢᠵᠢᠭᠤᠯᠬᠤ ᠳᠤ ᠤᠳᠬ᠎ᠠ ᠤᠷᠠᠯᠢᠭ ᠤᠨ ᠬᠦᠴᠦᠨ ᠴᠢᠳᠠᠯ ᠢᠶᠠᠨ  ᠡᠷᠬᠦᠬᠦ ᠬᠡᠷᠡᠭᠳᠠᠢ ᠭᠡᠵᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号