| ︽ᠬᠠᠪᠰᠤᠷᠤᠨ ᠬᠦᠢᠴᠡᠳᠬᠡᠬᠦ ᠣᠷᠣᠯᠠᠨ ᠬᠦᠢᠴᠡᠳᠬᠡᠬᠦ︾ ᠦᠢᠯᠡᠴᠢᠯᠡᠭᠡ ᠪᠣᠯ ᠮᠠᠨ ᠤ ᠬᠤᠲᠠ ᠶᠢᠨ ᠣᠯᠠᠨ ᠲᠦᠮᠡᠨ ᠤ | ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠵᠢᠬᠦᠯᠵᠦ ᠪᠠᠶᠢᠭ᠎ᠠ | ᠨᠢᠭᠡᠨ ᠵᠦᠢᠯ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠮᠥᠨ᠃ ᠡᠳᠦᠭᠡ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠵᠢᠴᠢ ᠡᠯ᠎ᠡ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠲᠢᠩᠬᠢᠮ ᠳᠤ᠂ ᠡᠳᠦᠷ | ᠪᠦᠷᠢ ᠰᠠᠭᠤᠭᠠᠯᠢ ᠠᠷᠠᠳ ᠢᠷᠡᠵᠦ ᠬᠠᠪᠰᠤᠷᠤᠯᠭ᠎ᠠ ᠬᠦᠰᠡᠵᠦ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠠᠵᠢᠯᠲᠠᠨ︾ ᠴᠤ ᠬᠡᠵᠢᠶᠡᠳᠡ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠬᠦᠴᠢᠷ ᠠᠰᠠᠭᠤᠳᠠᠯ ᠢ ᠬᠦᠯᠢᠴᠡᠩᠭᠦᠶ | ᠨᠢᠮᠪᠠᠶ ᠰᠢᠢᠳᠪᠦᠷᠢᠯᠡᠵᠦ ᠥᠭᠭᠦᠨ᠎ᠡ᠃ | ᠣᠶᠢᠷ᠎ᠠ ᠳᠤ᠂ ᠨᠢᠭᠡ ᠣᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠨᠠᠰᠤᠵᠢᠯ ᠤᠨ | ᠠᠰᠠᠷᠠᠮᠵᠢ ᠶᠢᠨ ᠭᠡᠷᠡᠴᠢᠯᠡᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠤᠲᠠᠰᠤ ᠪᠠᠷ ᠶᠠᠷᠢᠯᠴᠠᠭᠰᠠᠨ ᠪᠥᠭᠡᠳ ᠬᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠨᠠᠰᠤ ᠠᠬᠠᠰᠢᠷᠠᠭᠰᠠᠨ ᠪᠣᠯᠬᠤᠷ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠣᠯᠵᠤ | ᠦᠢᠯᠡᠴᠢᠯᠡᠭᠡᠨ ᠤ ᠲᠥᠪ ᠲᠤ ᠬᠦᠷᠴᠦ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠳᠡᠶᠢᠯᠬᠦ ᠦᠭᠡᠢ | ᠭᠡᠪᠡ᠃ ᠦᠢᠯᠡᠴᠢᠯᠡᠭᠡᠨ ᠤ ᠲᠥᠪ ᠤᠨ ᠠᠵᠢᠯᠲᠠᠳ ᠤᠯᠠᠮ ᠨᠢᠭᠡ ᠠᠯᠬᠤᠮ ᠣᠶᠢᠯᠠᠭᠠᠭᠰᠠᠨ ᠢᠶᠠᠷ ᠺᠠᠩ ᠳ᠋ᠧᠩ ᠹᠦ᠋ | ᠨᠠᠰᠤᠲᠠᠨ ᠰᠢᠤᠸᠠᠢ ᠹᠦ᠋ ᠰᠢᠨ ᠶᠤᠸᠠᠨ ᠲᠣᠭᠤᠷᠢᠭ ᠲᠤ ᠰᠠᠭᠤᠵᠤ᠂ 83 ᠨᠠᠰᠤᠲᠠᠶ ᠥᠨᠳᠥᠷ ᠨᠠᠰᠤᠲᠠᠶ᠂ ᠭᠡᠷ ᠲᠤᠨᠢ | ᠬᠦᠷᠴᠦ ᠦᠢᠯᠡᠴᠢᠯᠡᠪᠡ᠃ | ᠲᠤᠬᠠᠶ ᠶᠢᠨ ᠡᠳᠦᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠬᠤᠶᠠᠷ ᠰᠠᠯᠠᠭ᠎ᠠ ᠮᠥᠴᠢᠷ ᠤᠨ ᠠᠵᠢᠯᠲᠠᠨ ᠺᠠᠩ ᠳ᠋ᠧᠩ ᠹᠦ᠋ ᠨᠠᠰᠤᠲᠠᠨ ᠤ ᠬᠡᠷ ᠲᠤ ᠬᠦᠷᠴᠦ᠂ ᠨᠠᠰᠤᠲᠠᠨ ᠢ ᠬᠠᠪᠰᠤᠷᠤᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮ ᠤᠨ ᠭᠡᠷᠡᠴᠢᠯᠡᠯ ᠢ ᠤᠷᠤᠭᠰᠢᠲᠠᠶ ᠪᠡᠶᠡᠯᠡᠭᠦᠯᠪᠡ᠃ | ᠺᠠᠩ ᠳ᠋ᠧᠩ ᠹᠦ᠋ ᠨᠠᠰᠤᠲᠠᠨ ᠤ ᠬᠦᠦ᠄ ︽ᠲᠠᠨᠠᠷ ᠲᠤ ᠮᠠᠰᠢ ᠲᠠᠯᠠᠷᠬᠠᠵᠤ ᠪᠠᠶᠢᠨ᠎ᠠ᠂ ᠪᠠᠰᠠ ᠬᠡᠷ ᠢᠷᠡᠵᠦ ᠦᠢᠯᠡᠴᠢᠯᠡᠵᠦ | ᠂ ᠪᠢᠳᠡᠨ ᠢ ᠬᠠᠪᠰᠤᠷᠴᠤ ᠨᠠᠰᠤᠵᠢᠯ ᠤᠨ ᠠᠰᠠᠷᠠᠮᠵᠢ ᠶᠢᠨ ᠭᠡᠷᠡᠴᠢᠯᠡᠯ ᠤᠨ ᠠᠵᠢᠯ ᠢ ᠬᠦᠢᠴᠡᠳᠬᠡᠬᠦ ᠨᠢ ᠮᠠᠰᠢ ᠳᠣᠲᠣᠨᠣ ᠶᠤᠮ︾ | ᠭᠡᠵᠦ ᠬᠡᠯᠡᠪᠡ᠃ | ᠡᠨᠡ ᠵᠢᠯ ᠠᠴᠠ ᠨᠠᠰᠢ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠭᠤᠤᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ︽ᠬᠠᠪᠰᠤᠷᠤᠨ | ᠰᠢᠢᠳᠪᠦᠷᠢᠯᠡᠵᠦ ᠣᠷᠣᠯᠠᠨ ᠭᠦᠢᠴᠡᠳᠭᠡᠬᠦ︾ ᠦᠢᠯᠡᠴᠢᠯᠡᠭᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠰᠤᠷᠤᠯᠴᠠᠬᠤ ᠪᠠᠷ | ᠺᠠᠳ᠋ᠷ ᠢ ᠠᠬᠢᠭᠤᠯᠵᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠤ ︽ | ᠰᠢᠢᠳᠪᠦᠷᠢᠯᠡᠵᠦ ᠪᠣᠯᠬᠤ ᠥᠬᠡᠶ︾᠂ ︽ᠬᠦᠢᠴᠡᠳᠭᠡᠵᠦ ᠴᠢᠳᠠᠬᠤ ᠥᠬᠡᠶ︾᠂ ︽ᠰᠢᠢᠳᠪᠦᠷᠢᠯᠡᠵᠦ ᠴᠢᠳᠠᠬᠤ ᠥᠬᠡᠶ︾ | ᠵᠦᠢᠯᠡᠰ ᠢ ᠬᠦᠴᠦᠯᠡᠨ ᠰᠠᠶᠢᠲᠤᠷ ᠰᠢᠢᠳᠪᠦᠷᠢᠯᠡᠬᠦ ᠶᠢᠨ ᠬᠠᠮᠲᠤ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠵᠦ | ᠪᠠᠷᠢᠬᠤ ᠳᠤ ᠳᠥᠭᠦᠮ ᠦᠭᠡᠢ ᠥᠨᠥᠴᠢᠨ ᠪᠡᠯᠪᠡᠰᠦᠨ᠂ ᠥᠨᠳᠥᠷ ᠨᠠᠰᠤᠲᠠᠶ ᠵᠢᠴᠢ ᠵᠡᠮᠳᠡᠭᠴᠦᠳ ᠵᠡᠷᠭᠡ ᠣᠨᠴᠠᠭᠠᠶ | ᠬᠥᠮᠦᠰ ᠲᠤ ᠬᠠᠪᠰᠤᠷᠤᠨ ᠣᠷᠣᠯᠠᠨ ᠭᠦᠢᠴᠡᠳᠭᠡᠬᠦ᠂ ᠬᠡᠷ ᠲᠤᠨᠢ ᠬᠦᠷᠴᠦ ᠭᠦᠢᠴᠡᠳᠭᠡᠬᠦ ᠵᠡᠷᠭᠡ ᠦᠢᠯᠡᠴᠢᠯᠡᠭᠡ ᠬᠠᠩᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠤᠯᠠᠭᠠᠴᠠᠭᠤᠯᠵᠤ᠂ ︽ᠬᠠᠪᠰᠤᠷᠤᠨ ᠰᠢᠢᠳᠪᠦᠷᠢᠯᠡᠵᠦ ᠣᠷᠣᠯᠠᠨ | ᠭᠦᠢᠴᠡᠳᠭᠡᠬᠦ︾ ᠶᠢ ᠨᠠᠩ ᠳᠣᠲᠣᠨᠣ ᠪᠣᠯᠭᠠᠵᠤ᠂ ᠣᠯᠠᠨ ᠲᠦᠮᠡᠨ ᠢ ᠨᠠᠩ ᠣᠯᠠᠨ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠲᠠᠢ ᠪᠣᠯᠭᠠᠪᠠ᠃ |