【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠮᠠᠨ ᠤ ᠬᠤᠲᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠭᠤᠤᠯᠳᠠᠯᠭ᠎ᠠ ᠲᠠᠢ ᠢᠨᠵᠧᠨᠧᠷᠢᠩ ᠢ ᠡᠷᠡᠰ ᠲᠡᠮᠡᠴᠡᠨ ᠤᠯᠪᠠ
ᠨᠡᠶᠢᠲᠡᠯᠡᠭᠰᠡᠨ ᠴᠠᠭ᠄
2023/10/30
   ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠭᠦᠨᠵᠡᠭᠡᠶ ᠠᠬᠢᠭᠤᠯᠬᠤ ᠶᠢᠨ ᠳᠣᠯᠠᠳᠠ᠂ 10 ᠰᠠᠷ᠎ᠠ ᠶᠢᠨ 26 ᠤ ᠡᠳᠦᠷ᠂ ᠮᠠᠨ ᠤ ᠬᠤᠲᠠ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠳᠣᠲᠣᠷ᠎ᠠ ᠭᠠᠵᠠᠷ ᠲᠤ ᠪᠠᠶᠢᠭ᠎ᠠ ᠰᠦᠵᠢ ᠭᠠᠴᠠᠭ᠎ᠠ ᠳᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠭᠤᠤᠯᠳᠠᠯᠭ᠎ᠠ ᠲᠠᠢ ᠢᠨᠵᠧᠨᠧᠷᠢᠩ ᠤᠨ 2023 ᠣᠨ ᠤ ᠨᠠᠮᠤᠷ ᠤᠨ ᠤᠯᠠᠷᠢᠯ ᠤᠨ ᠬᠠᠮᠲᠤᠷᠠᠭᠰᠠᠨ ᠳᠠᠶᠢᠯᠠᠯᠳᠤᠭᠠᠨ ᠤ ᠡᠬᠢᠯᠡᠯᠲᠡ ᠶᠢᠨ ᠬᠤᠷᠠᠯ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦ ᠬᠥᠳᠡᠯᠮᠦᠷᠢ ᠣᠷᠣᠭᠤᠯᠬᠤ ᠠᠯᠪᠠᠨ ᠵᠢᠷᠤᠮ ᠤᠨ ᠬᠥᠳᠡᠯᠮᠦᠷᠢ ᠶᠢᠨ ᠠᠵᠢᠯᠯᠠᠭ᠎ᠠ ᠥᠷᠨᠢᠭᠦᠯᠪᠡ᠃ ᠬᠤᠲᠠ ᠶᠢᠨ ᠤᠳᠤᠷᠢᠳᠤᠯᠭ᠎ᠠ ᠶᠠᠩ ᠶᠢᠨ ᠷᠦᠢ᠂ ᠰᠢᠤᠸᠠᠢ ᠸᠧᠨ ᠵᠢᠶᠦ᠋ᠨ᠂ ᠯᠠᠢ ᠰᠢᠶᠠᠩ ᠬᠤᠸᠠ᠂ ᠢᠦᠶ ᠬᠤᠩ ᠯᠢ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠬᠡᠷ ᠲᠡᠭᠡᠨ ᠪᠠᠶᠢᠭ᠎ᠠ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠮᠠᠨ ᠤ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠠᠴᠠ ᠢᠷᠡᠭᠰᠡᠨ 120 ᠭᠠᠷᠤᠶ ᠲᠥᠯᠥᠭᠡᠯᠡᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠥᠭᠡᠳ 3 ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠠᠩᠭᠢ ᠳᠤ ᠲᠤᠭ ᠣᠯᠭᠤᠪᠠ᠃  ᠭᠡᠷᠡᠯᠳᠦᠠᠣᠳᠦ ᠰᠣᠮᠣᠨ ᠤ ᠰᠦᠵᠢ ᠭᠠᠴᠠᠭᠠᠨ ᠤ ᠬᠠᠷᠢᠭᠤᠴᠠᠯᠭᠠᠲᠠᠨ ᠲᠠᠢ ᠬᠠᠮᠲᠤ ᠨᠡᠶᠢᠭᠡᠮ ᠤᠨ ᠡᠯ᠎ᠡ ᠡᠲᠡᠭᠡᠳ ᠲᠤ ᠰᠠᠨᠠᠭᠠᠴᠢᠯᠠᠭ᠎ᠠ ᠭᠠᠷᠭᠠᠵᠤ᠂ ᠣᠯᠠᠨ ᠢᠶᠠᠷ ᠢᠶᠠᠨ ᠪᠣᠭᠤᠮᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠵᠤ᠂ ᠠᠮᠢ ᠠᠬᠤᠢ ᠶᠢᠨ ᠪᠣᠯᠪᠠᠰᠤᠨ ᠤ ︽ᠤᠯᠠᠮᠵᠢᠯᠠᠭᠴᠢ︾ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃    ᠳᠠᠷᠠᠭ᠎ᠠ ᠨᠢ᠂ ᠣᠯᠠᠨ ᠢᠶᠠᠷ ᠢᠶᠠᠨ ᠡᠯᠡᠰᠦ ᠶᠢ ᠵᠠᠰᠠᠬᠤ ᠠᠵᠢᠯ ᠤᠨ ᠲᠣᠭᠤᠷᠢᠭ ᠲᠤ ᠬᠦᠷᠴᠦ᠂ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠬᠠᠮᠲᠤ ᠪᠠᠷ ᠡᠪᠡᠰᠦᠨ ᠬᠠᠨ᠎ᠠ ᠶᠢ ᠳᠡᠪᠢᠰᠴᠦ᠂ ᠡᠯᠡᠰᠦ ᠶᠢ ᠬᠠᠰᠢᠬᠤ ᠬᠠᠯᠬᠠᠪᠴᠢ ᠳᠠᠷᠢᠵᠤ᠂ ᠨᠢᠭᠡ ᠰᠠᠭᠤᠷᠢ ᠵᠢᠭᠠᠷᠲᠤ ᠨᠠᠷᠠᠰᠤᠨ ᠴᠢᠬᠢ ᠳᠠᠷᠢᠵᠤ᠂ ᠲᠤᠬᠠᠶ ᠶᠢᠨ ᠲᠠᠯᠠᠪᠠᠶ ᠳᠤ ᠦᠢᠯᠡᠳᠦᠯᠭᠡ ᠬᠢᠵᠦ ᠡᠯᠡᠰᠦ ᠶᠢ ᠵᠠᠰᠠᠭᠰᠠᠨ ᠦᠷ᠎ᠡ ᠪᠦᠲᠦᠮᠵᠢ ᠶᠢ ᠪᠡᠶᠡᠴᠢᠯᠡᠨ ᠣᠶᠢᠯᠠᠭᠠᠪᠠ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠨᠡᠶᠢᠳᠡ 7 ᠮᠦ ᠡᠯᠡᠰᠦᠨ ᠬᠠᠯᠬᠠᠪᠴᠢ ᠲᠤᠬᠢᠷᠠᠭᠤᠯᠵᠠᠢ᠃
   ᠣᠶᠢᠯᠠᠭᠠᠭᠰᠠᠨ ᠢᠶᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠯᠡᠰᠦᠷᠬᠡᠭ ᠭᠠᠵᠠᠷ ᠪᠣᠯᠤᠨ᠎ᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠨᠢ ᠮᠠᠨ ᠤ ᠬᠤᠲᠠ ᠶᠢᠨ ᠬᠢᠯᠢ ᠳᠣᠲᠣᠷ᠎ᠠ ᠶᠡᠷᠦᠩᠬᠡᠢ ᠲᠠᠯᠠᠪᠠᠢ 43 ᠲᠦᠮᠡᠨ ᠮᠦ ᠪᠠᠶᠢᠵᠤ᠂ ᠵᠡᠭᠦᠨ ᠪᠠᠷᠠᠭᠤᠨ ᠴᠢᠭᠯᠡᠯ ᠢᠶᠠᠷ ᠲᠣᠯᠢ ᠭᠠᠴᠠᠭ᠎ᠠ ᠳᠤ ᠲᠠᠷᠬᠠᠵᠤ᠂ ᠶᠡᠷᠦᠩᠬᠡᠢ ᠣᠷᠳᠣ ᠨᠢ ᠪᠠᠷᠤᠭ 36 ᠺᠢᠯᠣᠮᠧᠲᠷ ᠪᠠᠶᠢᠳᠠᠭ᠃ ᠪᠠᠷᠠᠭᠤᠨ ᠪᠤᠯᠤᠨ ᠰᠥᠨᠢᠳ ᠪᠠᠷᠠᠭᠤᠨ ᠬᠤᠰᠢᠭᠤᠨ ᠤ ᠠᠭᠤᠯᠵᠠᠷ᠂ ᠵᠡᠭᠦᠨᠰᠢ ᠪᠠᠨ ᠡᠷᠢᠶᠡᠨ - ᠬᠤᠷᠳᠣᠨ ᠤ ᠵᠠᠰᠠᠮᠠᠯ ᠵᠠᠮ ᠨᠢ ᠮᠠᠨ ᠤ ᠬᠤᠲᠠ ᠶᠢᠨ ᠶᠡᠷᠦᠩᠬᠡᠶ ᠭᠠᠵᠠᠷ ᠰᠢᠷᠣᠶ ᠶᠢᠨ ᠲᠠᠯᠠᠪᠠᠶ ᠶᠢᠨ 7.1% ᠶᠢ ᠡᠵᠡᠯᠡᠵᠦ᠂ ᠰᠢᠯᠢ ᠶᠢᠨ ᠭᠤᠤᠯ ᠠᠶᠢᠮᠠᠭ ᠤᠨ ᠬᠢᠯᠢ ᠳᠣᠲᠣᠷᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠶᠡᠷᠦᠩᠬᠡᠶ ᠲᠠᠯᠠᠪᠠᠶ ᠶᠢᠨ 0.88% ᠶᠢ ᠡᠵᠡᠯᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠪᠥᠬᠦ ᠲᠠᠯᠠᠪᠠᠶ ᠶᠢᠨ 0.55% ᠶᠢ ᠡᠵᠡᠯᠡᠵᠦ ᠪᠠᠶᠢᠨ᠎ᠠ᠃
  ᠤᠯᠠᠨ ᠵᠢᠯ ᠤᠨ ᠲᠤᠷᠰᠢ᠂ ᠮᠠᠨ ᠤ ᠬᠤᠳᠠ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠭᠰᠠᠨ ᠪᠥᠭᠡᠳ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠨᠤᠲᠤᠭ ᠪᠡᠯᠴᠢᠭᠡᠷ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠳᠤ ᠲᠦᠰᠢᠭᠯᠡᠨ᠂ ᠮᠠᠭᠤᠳᠠᠭᠰᠠᠨ ᠨᠤᠲᠤᠭ ᠪᠡᠯᠴᠢᠭᠡᠷ᠂ ᠡᠯᠡᠰᠦᠷᠬᠡᠭ ᠭᠠᠵᠠᠷ ᠵᠡᠷᠭᠡ ᠣᠷᠣᠨ ᠪᠦᠰᠡ ᠶᠢ ᠰᠡᠷᠭᠦᠭᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠯᠠᠪᠳᠠᠭᠤᠨ ᠪᠠᠲᠤᠲᠠᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ ᠤ 2013 - 2022 ᠣᠨ ᠳᠤ ᠪᠠᠭᠤᠯᠭᠠᠭᠰᠠᠨ 67.33 ᠲᠦᠮᠡᠨ ᠮᠦ ᠰᠡᠷᠭᠦᠭᠡᠨ ᠵᠠᠰᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号