ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ︽ᠡᠯᠪᠡᠭ ᠬᠤᠷᠢᠶᠠᠯᠲᠠ ᠶᠢ ᠪᠡᠯᠭᠡᠯᠡᠵᠦ ᠡᠶᠡᠯᠳᠡᠭ ᠬᠠᠷᠢᠴᠠᠭ᠎ᠠ ᠶᠢ  ᠠᠬᠢᠭᠤᠯᠬᠤ︾ ᠬᠥᠯᠥᠰᠦᠨ ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2023/10/30
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        10 ᠰᠠᠷ᠎ᠠ ᠶᠢᠨ 27  ᠤ ᠡᠳᠦᠷ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ  ︽ᠡᠯᠪᠡᠭ ᠬᠤᠷᠢᠶᠠᠯᠲᠠ ᠶᠢ ᠪᠡᠯᠭᠡᠯᠡᠵᠦ ᠡᠶᠡᠯᠳᠡᠭ ᠬᠠᠷᠢᠴᠠᠭ᠎ᠠ ᠶᠢ  ᠠᠬᠢᠭᠤᠯᠬᠤ︾ ᠬᠥᠯᠥᠰᠦᠨ ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ 100 ᠬᠥᠯᠥᠰᠦᠨ ᠠᠵᠢᠯᠴᠢᠨ ᠳᠤ ᠵᠥᠩᠨᠡᠯ ᠪᠠ ᠲᠣᠬᠤᠨᠢᠭᠤᠯᠬᠤ ᠪᠣᠳᠠᠰ ᠬᠦᠷᠭᠡᠵᠡᠢ᠃ ᠲᠠᠶᠢᠯᠪᠦᠷᠢ᠄         ᠠᠵᠢᠯᠯᠠᠭ᠎ᠠ ᠳᠤᠮᠳᠠ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠺᠠᠳ᠋ᠷ ᠠᠵᠢᠯᠲᠠᠨ  ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ᠂  ᠬᠥᠯᠥᠰᠦᠨ ᠠᠵᠢᠯᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠵᠢᠴᠢ ᠠᠵᠢᠯ ᠬᠥᠳᠡᠯᠮᠦᠷᠢ ᠬᠢᠵᠦ ᠪᠠᠶᠢᠭ᠎ᠠ ᠪᠠᠶᠢᠳᠠᠯ ᠢ  ᠣᠶᠢᠯᠠᠭᠠᠵᠤ᠂ ᠲᠡᠳᠡᠨ ᠤ ᠪᠣᠳᠣᠯ  ᠰᠠᠨᠠᠯ ᠢ ᠰᠣᠨᠣᠰᠴᠤ᠂ ᠲᠡᠳᠡᠨ ᠤ ᠰᠢᠷᠭᠠᠭᠤ ᠬᠥᠳᠡᠯᠮᠦᠷᠢ ᠪᠠ  ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃  ᠡᠭᠦᠨ ᠤ ᠬᠠᠮᠲᠤ ᠪᠠᠰᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠪᠠ ᠠᠴᠢ ᠬᠤᠯᠪᠣᠭᠳᠠᠯ ᠢ ᠤᠬᠠᠭᠤᠯᠵᠤ᠂ ᠲᠡᠳᠡᠨ ᠢ ᠠᠵᠢᠯᠴᠢᠨ ᠤ ᠡᠪᠯᠡᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠵᠠᠢ᠃         ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠳᠡᠳ᠋ ᠶᠡᠷᠦᠩᠬᠡᠢ ᠳᠠᠭᠠᠭᠠᠮᠠᠯ ᠵᠣᠣ ᠵᠢᠶᠦ᠋ᠨ᠄          ᠥᠨᠥᠳᠥᠷ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠪᠢᠳᠡᠨ ᠳᠤ ᠲᠣᠬᠤᠨᠢᠭᠤᠯᠬᠤ ᠪᠣᠳᠠᠰ ᠬᠦᠷᠭᠡᠵᠦ ᠢᠷᠡᠵᠡᠶ᠂ ᠠᠵᠢᠯᠴᠢᠨ ᠤ ᠡᠪᠯᠡᠯ ᠠᠴᠠ ᠬᠥᠯᠥᠰᠦᠨ ᠠᠵᠢᠯᠴᠢᠳ ᠢ ᠬᠠᠯᠠᠮᠵᠢᠯᠠᠵᠤ  ᠪᠠᠶᠢᠭ᠎ᠠ ᠳᠤ ᠲᠠᠯᠠᠷᠬᠠᠯ   ᠲᠠᠪᠰᠢᠭᠦᠯᠦᠶ᠎ᠡ  ᠂  ᠪᠢᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ  ᠂ ᠬᠦᠨᠳᠦᠳᠬᠡᠯ ᠢ  ᠮᠡᠳᠡᠷᠡᠭᠦᠯᠵᠠᠢ᠃          ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠵᠢᠯᠲᠠᠨ ᠠᠵᠢᠯᠴᠢᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ  ᠪᠠᠷᠢᠮᠲᠠᠯᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ︽ᠬᠥᠳᠡᠯᠮᠦᠷᠢ ᠢᠷᠠᠭᠤ ᠠᠯᠳᠠᠷ ᠲᠠᠢ︾ ᠭᠡᠬᠦ ᠣᠶᠢᠯᠠᠭᠠᠭᠳᠠᠬᠤᠨ ᠢ  ᠪᠣᠶ ᠪᠣᠯᠭᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ  ᠪᠠᠶᠢᠭᠤᠯᠵᠤ᠂ ᠬᠥᠳᠡᠯᠮᠦᠷᠢ ᠶᠢ ᠬᠦᠨᠳᠦᠳᠬᠡᠬᠦ ᠠᠭᠤᠷ ᠠᠮᠢᠰᠬᠤᠯ ᠢ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠬᠦᠬᠦ ᠪᠤᠯᠤᠨ᠎ᠠ  ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号